ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/7
     8 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠰᠦᠨ ᠵᠢᠶᠠᠨ ᠹᠧᠩ ᠬᠤᠷᠠᠯ ᠢ ᠡᠷᠭᠢᠯᠡᠵᠦ᠂ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠵᠠᠩ ᠯᠢᠶᠠᠩ ᠬᠤᠷᠠᠯ ᠳᠤ ᠣᠷᠣᠯᠴᠠᠵᠠᠶ᠃

     ᠶᠠᠷᠢᠯᠴᠠᠬᠤ ᠬᠤᠷᠠᠯ ᠳᠡᠭᠡᠷ᠎ᠡ᠂ ᠰᠦᠨ ᠵᠢᠶᠠᠨ ᠹᠧᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2024

ᠣᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠪᠠᠶᠢᠳᠠᠯ ᠵᠢᠴᠢ ᠳᠠᠷᠠᠭᠠᠴᠢ ᠶᠢᠨ ᠱᠠᠲᠤᠨ ᠤ ᠬᠠᠪᠰᠤᠷᠤᠨ

ᠲᠡᠳᠬᠦᠬᠦ ᠭᠤᠣᠯᠳᠠᠯᠭ᠎ᠠ ᠶᠢ ᠲᠠᠨᠢᠯᠴᠠᠭᠤᠯᠪᠠ᠃ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ᠤᠨ

ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠨᠡᠶᠢᠭᠡᠮᠯᠢᠭ ᠤᠨ ᠲᠠᠪᠴᠠᠩ ᠤᠨ ᠳᠠᠪᠠᠭᠤᠯᠢᠭ ᠪᠠ ᠡᠬᠢ

ᠪᠠᠶᠠᠯᠢᠭ ᠢ ᠡᠮᠬᠢᠯᠡᠨ ᠨᠡᠶᠢᠯᠡᠭᠦᠯᠬᠦ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠠᠩᠬᠠᠷᠴᠤ᠂ ᠴᠡᠭ ᠲᠣᠭᠲᠠᠭᠠᠨ

ᠬᠠᠪᠰᠤᠷᠤᠨ ᠲᠡᠳᠬᠦᠬᠦ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠰᠠᠶᠢᠵᠢᠷᠠᠭᠤᠯᠤᠨ ᠪᠠᠶᠠᠯᠢᠭᠵᠢᠭᠤᠯᠵᠤ᠂ ᠠᠵᠢᠯ

ᠲᠥᠷᠥᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠪᠦᠲᠦᠮᠵᠢᠲᠡᠶ ᠨᠡᠪᠲᠡᠷᠡᠯᠴᠡᠬᠦ  ᠲᠣᠭᠲᠠᠴᠠ  ᠶᠢ  

ᠪᠠᠶᠢᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠴᠡᠭ ᠲᠣᠭᠲᠠᠭᠠᠨ ᠬᠠᠪᠰᠤᠷᠤᠨ

ᠲᠡᠳᠬᠦᠬᠦ ᠠᠵᠢᠯ ᠢ ᠨᠠᠩ ᠣᠨᠣᠪᠴᠢᠲᠠᠶ ᠪᠦᠲᠦᠮᠵᠢᠲᠡᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠴᠠᠬᠠᠷ ᠪᠠᠷᠠᠭᠤᠨ

ᠭᠠᠷᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠲᠠᠯ᠎ᠠ ᠶᠢᠨ ᠬᠥᠭᠵᠢᠯᠲᠡ ᠶᠢ ᠳᠡᠮᠵᠢᠨ᠎ᠡ ᠭᠡᠵᠡᠶ᠃

     ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂

ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠰᠤᠮᠤ ᠰᠢᠶᠠᠩ

ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ

ᠣᠷᠣᠯᠴᠠᠵᠠᠶ᠃

 

         ᠰᠤᠷᠪᠤᠯᠵᠢᠯᠠᠭᠴᠢ᠄ ᠵᠠᠩ ᠵᠢᠤᠸᠠᠨ     ᠭᠤᠤ ᠸᠧᠶ

         ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号