| 8 ᠰᠠᠷ᠎ᠠ ᠶᠢᠨ 28 ᠤ ᠡᠳᠦᠷ᠂ ᠰᠢᠨᠬᠤᠸᠠ ᠳᠠᠭᠠᠳᠬᠠᠯ ᠤᠨ ᠶᠡᠷᠦᠩᠬᠡᠶ ᠺᠣᠮᠫᠠᠨᠢ ᠶᠢᠨ ᠶᠡᠷᠦᠩᠬᠡᠶ | ᠵᠠᠬᠢᠷᠤᠯ ᠤᠨ ᠲᠤᠰᠠᠯᠠᠭᠴᠢ᠂ ᠭᠦᠢᠴᠡᠳᠬᠡᠬᠦ ᠵᠥᠪᠯᠡᠯ ᠤᠨ ᠭᠡᠰᠢᠭᠦᠨ ᠯᠢᠦ ᡁᠢ ᠶᠦᠩ ᠨᠠᠷ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠵᠡᠭᠡᠷᠡᠲᠦ ᠬᠤᠲᠠ ᠪᠠᠯᠭᠠᠰᠤᠨ ᠳᠤ ᠬᠦᠷᠴᠦ ᠴᠡᠭ ᠲᠣᠭᠲᠠᠭᠠᠨ ᠬᠠᠪᠰᠤᠷᠤᠨ ᠲᠡᠳᠬᠦᠬᠦ | ᠠᠵᠢᠯ ᠤᠨ ᠪᠠᠶᠢᠴᠠᠭᠠᠨ ᠰᠤᠳᠤᠯᠤᠯᠲᠠ ᠬᠢᠵᠦ᠂ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠲᠣᠮᠳᠡᠳᠣ | ᠬᠤᠰᠢᠭᠤᠨ ᠤ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ᠂ ᠬᠤᠰᠢᠭᠤ ᠪᠠᠯᠭᠠᠰᠤᠨ ᠤ ᠬᠠᠮᠢᠶ᠎ᠠ ᠪᠥᠬᠦᠶ ᠬᠥᠮᠦᠰ | ᠪᠠᠷ᠎ᠠ ᠪᠣᠯᠪᠠ᠃ ᠯᠢᠦ ᡁᠢ ᠶᠦᠩ ᠨᠠᠷ ᠤᠷᠢᠳ ᠬᠤᠵᠢᠳ ᠮᠢᠷᠠᠯᠵᠠᠭᠤᠷ ᠲᠣᠰᠬᠤᠨ ᠤ ᠵᠦᠩ ᠨᠦᠩ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠭᠤᠸᠠᠩ ᠴᠠᠩ ᠯᠦᠩ ᠲᠠᠷᠢᠶᠠᠯᠠᠩ ᠤᠨ ᠢᠲᠡᠭᠡᠮᠵᠢ ᠶᠢᠨ | ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠦᠷᠳᠡᠭᠡ ᠳᠤ ᠬᠦᠷᠴᠦ ᠲᠤᠬᠠᠢ ᠶᠢᠨ ᠲᠠᠯᠠᠪᠠᠢ ᠳᠤ ᠪᠠᠶᠢᠴᠠᠭᠠᠨ | ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠡᠵᠡᠩᠨᠡᠯᠲᠡ ᠶᠢᠨ ᠪᠠᠶᠢᠳᠠᠯ᠂ | ᠬᠥᠭᠵᠢᠯᠲᠡ ᠶᠢᠨ ᠴᠢᠭᠯᠡᠯ ᠵᠢᠴᠢ ᠬᠡᠷᠡᠭᠴᠡᠭᠡ ᠶᠢᠨ ᠲᠠᠯ᠎ᠠ ᠪᠠᠷ ᠨᠠᠷᠢᠨ ᠨᠢᠭᠲᠠ ᠰᠠᠨᠠᠯ ᠢᠶᠠᠨ ᠰᠣᠯᠢᠯᠴᠠᠪᠠ᠃ | | | | | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠵᠡᠭᠡᠷᠡᠲᠦ ᠬᠤᠲᠠ ᠪᠠᠯᠭᠠᠰᠤᠨ ᠤ ᠭᠤᠸᠠᠩ ᠴᠠᠩ | ᠯᠦᠩ ᠲᠣᠰᠬᠤᠨ ᠤ ᠠᠷᠠᠳ ᠤᠨ ᠵᠥᠪᠯᠡᠯ ᠤᠨ ᠬᠤᠷᠠᠯ ᠤᠨ ᠬᠡᠷ ᠲᠤ ᠰᠢᠨᠬᠤᠸᠠ ᠳᠠᠭᠠᠳᠬᠠᠯ ᠤᠨ ᠴᠡᠭ ᠲᠣᠭᠲᠠᠭᠠᠨ | ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠨᠬᠤᠸᠠ ᠳᠠᠭᠠᠳᠬᠠᠯ ᠤᠨ | ᠺᠣᠮᠫᠠᠨᠢ ᠶᠢᠨ ᠥᠩᠭᠡᠷᠡᠭᠰᠡᠨ ᠵᠢᠯ ᠤᠳ ᠲᠤ ᠣᠷᠣᠭᠤᠯᠤᠭᠰᠠᠨ ᠬᠠᠪᠰᠤᠷᠤᠨ ᠲᠡᠳᠬᠦᠬᠦ ᠪᠠᠯᠠ ᠮᠥᠩᠭᠦ᠂ ᠬᠡᠷᠡᠭᠵᠢᠭᠦᠯᠬᠦ | ᠲᠥᠷᠥᠯ ᠵᠦᠢᠯ ᠤᠨ ᠠᠵᠢᠯᠯᠠᠭᠠᠨ ᠤ ᠪᠠᠶᠢᠳᠠᠯ ᠪᠠ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠭᠡᠯ ᠢ ᠨᠠᠷᠢᠨ | ᠣᠶᠢᠯᠠᠭᠠᠭᠰᠠᠨ ᠪᠥᠭᠡᠳ ᠣᠯᠤᠭᠰᠠᠨ ᠠᠵᠤ ᠠᠬᠤᠶ ᠪᠠ ᠨᠡᠶᠢᠭᠡᠮ ᠤᠨ ᠦᠷ᠎ᠡ ᠠᠰᠢᠭ ᠢ ᠨᠤᠲᠠᠯᠠᠭᠰᠠᠨ ᠪᠥᠭᠡᠳ | ᠰᠢᠨᠬᠤᠸᠠ ᠳᠠᠭᠠᠳᠬᠠᠯ ᠤᠨ ᠺᠣᠮᠫᠠᠨᠢ ᠦᠷᠭᠦᠯᠵᠢᠯᠡᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷᠭᠦᠯᠵᠢᠯᠡᠨ ᠬᠥᠭᠵᠢᠬᠦ ᠳᠤ ᠬᠤᠪᠢ ᠨᠡᠮᠡᠷᠢ ᠪᠠᠨ | ᠦᠵᠡᠭᠦᠯᠦᠨ᠎ᠡ ᠭᠡᠵᠦ ᠢᠯᠡᠳᠬᠡᠪᠡ᠃ | ᠡᠭᠦᠨ ᠤ ᠬᠠᠮᠲᠤ᠂ ᠰᠢᠨᠬᠤᠸᠠ ᠳᠠᠭᠠᠳᠬᠠᠯ ᠤᠨ ᠺᠣᠮᠫᠠᠨᠢ ᠠᠷᠠᠳ ᠣᠯᠠᠨ ᠤ ᠡᠪᠡᠳᠴᠢᠨ ᠪᠤᠶᠤ ᠰᠠᠨᠠᠭᠠᠨ ᠳᠤ | ᠥᠬᠡᠶ ᠠᠴᠠ ᠪᠣᠯᠵᠣ ᠶᠠᠳᠠᠭᠤᠷᠠᠬᠤ᠂ ᠳᠠᠬᠢᠨ ᠶᠠᠳᠠᠭᠤᠷᠠᠬᠤ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ | ᠲᠡᠭᠦᠨ ᠤ ᠣᠷᠣᠯᠴᠠᠭᠰᠠᠨ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ | ᠨᠡᠶᠢᠭᠡᠮᠯᠢᠭ ᠤᠨ ︽ᠲᠤᠯᠭᠠᠭᠤᠷᠢ︾ ︽ᠪᠦᠪᠡᠢ ᠴᠢᠷᠮᠠᠢ︾ ᠭᠡᠬᠦ ᠬᠤᠶᠠᠷ ᠡᠷᠡᠭᠦᠯ ᠮᠡᠨᠳᠦ ᠶᠢᠨ ᠨᠡᠶᠢᠲᠡ ᠶᠢᠨ | ᠠᠰᠠᠷᠠᠮᠵᠢ ᠶᠢᠨ ᠳᠠᠭᠠᠳᠬᠠᠯ ᠤᠨ ᠲᠥᠷᠥᠯ ᠵᠦᠢᠯ ᠢ ᠨᠠᠷᠢᠨ ᠲᠠᠨᠢᠯᠴᠠᠭᠤᠯᠵᠤ᠂ ᠨᠠᠩ ᠣᠯᠠᠨ ᠬᠥᠳᠡᠭᠡ ᠲᠣᠰᠬᠤᠨ ᠤ | ᠣᠷᠣᠯᠭ᠎ᠠ ᠪᠠᠭᠠᠲᠠᠶ ᠣᠨᠴᠠ ᠲᠣᠭᠲᠠᠭᠰᠠᠨ ᠬᠠᠮᠲᠤᠯᠢᠭ ᠲᠤ ᠨᠡᠶᠢᠳᠡᠮ ᠠᠰᠢᠭ ᠬᠦᠷᠲᠡᠭᠡᠬᠦ ᠳᠠᠭᠠᠳᠬᠠᠯ ᠬᠦᠷᠲᠡᠭᠡᠵᠦ᠂ | ᠤᠯᠤᠰ ᠤᠨ ᠥᠮᠴᠢᠯᠡᠯ ᠤᠨ ᠲᠣᠮᠣ ᠬᠡᠯᠪᠡᠷᠢ ᠶᠢᠨ ᠮᠥᠩᠭᠦᠨ ᠭᠦᠢᠯᠭᠡᠭᠡᠨ ᠤ ᠳᠠᠭᠠᠳᠬᠠᠯ ᠤᠨ ᠠᠵᠤ ᠠᠬᠤᠶᠢᠯᠠᠯ ᠤᠨ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠦᠢᠯᠡᠳᠦᠯ ᠢ ᠦᠨᠡᠨ ᠬᠦ ᠡᠭᠦᠷᠭᠡᠯᠡᠵᠦ᠂ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠰᠢᠨᠬᠤᠸᠠ ᠶᠢᠨ ᠬᠦᠴᠦᠨ | ᠴᠢᠳᠠᠯ ᠢᠶᠠᠨ ᠡᠷᠭᠦᠨ᠎ᠡ᠃ | | | | ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | |