ᠬᠤᠲᠠ ᠶᠢᠨ ᠪᠠᠶᠢᠴᠠᠭᠠᠬᠤ ᠬᠤᠷᠢᠶᠠᠨ ᠤ ᠵᠢᠯᠣᠭᠤᠳᠬᠤ ᠳᠤᠭᠤᠶᠢᠯᠠᠩ ᠳ᠋ᠦᠩ ᠶᠢᠦ ᠹᠠᠩ ᠲᠣᠰᠬᠤᠨ ᠳᠤ ᠢᠷᠡᠵᠦ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠢᠭᠠᠨ ᠵᠢᠯᠣᠭᠤᠳᠴᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/9/10
    8 ᠰᠠᠷ᠎ᠠ ᠶᠢᠨ 28 ᠤ ᠡᠳᠦᠷ᠂ ᠬᠤᠲᠠ ᠶᠢᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠭᠦᠸᠧ ᠸᠧᠨ ᠰᠢᠤ᠂ ᠳᠡᠳ᠋ ᠪᠠᠶᠢᠴᠠᠭᠠᠬᠤ ᠳᠠᠷᠤᠭ᠎ᠠ ᠸᠠᠩ ᠰᠢᠶᠣᠤ ᠯᠦᠩ᠂ ᠬᠤᠰᠢᠭᠤᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠢᠤᠢ ᠪᠦᠦ ᠮᠢᠩ ᠨᠠᠷ ᠬᠤᠲᠠ ᠶᠢᠨ ᠪᠠᠶᠢᠴᠠᠭᠠᠬᠤ ᠬᠤᠷᠢᠶᠠᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠰᠬᠤᠨ ᠤ ᠳ᠋ᠦᠩ ᠶᠢᠦ ᠹᠠᠩ ᠲᠣᠰᠬᠤᠨ ᠳᠤ ᠬᠦᠷᠴᠦ᠂ ᠲᠤᠬᠠᠶ ᠶᠢᠨ ᠲᠠᠯᠠᠪᠠᠶ ᠳᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠢᠯᠣᠭᠤᠳᠴᠤ᠂ ᠳ᠋ᠦᠩ ᠶᠢᠦ ᠹᠠᠩ ᠲᠣᠰᠬᠤᠨ ᠤ ᠠᠷᠠᠳ ᠤᠨ ᠵᠥᠪᠯᠡᠯ ᠤᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠤᠨ ᠬᠥᠭᠵᠢᠯᠲᠡ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠳ᠋ᠦᠩ ᠶᠢᠦ ᠹᠠᠩ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠪᠣᠯᠭᠤᠭᠠᠨ ᠲᠣᠬᠤᠨᠢᠭᠤᠯᠪᠠ᠃ ᠵᠡᠭᠡᠷᠡᠲᠦ ᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠯᠢᠶᠠᠨ ᠾᠧᠦ᠂ ᠳᠡᠳ᠋ ᠱᠦᠵᠢ ᠽᠦᠸᠧ ᠭᠦᠸᠧ ᠯᠢᠨ ᠪᠥᠬᠦ ᠶᠠᠪᠤᠴᠠ ᠳᠤ ᠪᠠᠷ᠎ᠠ ᠪᠣᠯᠪᠠ᠃

    ᠳ᠋ᠦᠩ ᠶᠢᠦ ᠹᠠᠩ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠲᠤ᠂ ᠭᠦᠸᠧ ᠸᠧᠨ ᠰᠢᠤ

ᠪᠠᠶᠢᠴᠠᠭᠠᠬᠤ ᠳᠠᠷᠤᠭ᠎ᠠ ᠮᠠᠰᠢᠨ ᠢᠶᠠᠷ ᠲᠠᠷᠢᠶᠠᠯᠠᠬᠤ ᠠᠩᠬᠢ ᠶᠢᠨ ᠵᠢᠯ ᠪᠦᠷᠢ ᠶᠢᠨ ᠠᠵᠢᠯ ᠤᠨ ᠬᠡᠮᠵᠢᠶ᠎ᠡ᠂ ᠤᠯᠠᠨ

ᠲᠦᠮᠡᠨ ᠳᠤ ᠦᠢᠯᠡᠴᠢᠯᠡᠬᠦ ᠬᠠᠮᠤᠷᠬᠤ ᠬᠡᠪᠴᠢᠶ᠎ᠡ ᠵᠢᠴᠢ ᠣᠷᠣᠯᠭ᠎ᠠ ᠶᠢᠨ ᠪᠠᠶᠢᠳᠠᠯ ᠢ ᠨᠠᠷᠢᠨ ᠠᠰᠠᠭᠤᠨ

ᠣᠶᠢᠯᠠᠭᠠᠬᠤ ᠶᠢᠨ ᠬᠠᠮᠲᠤ ᠦᠢᠯᠡᠳᠪᠦᠷᠢᠯᠡᠯ ᠤᠨ ᠠᠮᠤᠷ ᠲᠦᠪᠰᠢᠨ ᠢ ᠠᠩᠬᠠᠷᠬᠤ ᠬᠡᠷᠡᠭᠲᠡᠢ ᠭᠡᠵᠦ

ᠴᠢᠬᠤᠯᠠᠴᠢᠯᠠᠭᠰᠠᠨ ᠤ ᠬᠠᠮᠲᠤ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠤᠨ ᠤᠯᠠᠨ ᠲᠦᠮᠡᠨ ᠤ

ᠦᠢᠯᠡᠳᠪᠦᠷᠢᠯᠡᠯ ᠳᠤ ᠲᠦᠭᠦᠮ ᠦᠵᠡᠭᠦᠯᠦᠭᠰᠡᠨ ᠢ ᠨᠤᠲᠠᠯᠠᠵᠤ ᠪᠠᠶᠢᠬᠤ ᠪᠠᠨ ᠢᠯᠡᠳᠬᠡᠪᠡ᠃

    ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠳ᠋ᠦᠩ ᠶᠢᠦ ᠹᠠᠩ ᠲᠣᠰᠬᠤᠨ ᠤ ᠵᠥᠪᠯᠡᠯ ᠳᠤ ᠬᠦᠷᠴᠦ᠂

ᠲᠣᠰᠬᠤᠨ ᠤ ︽ᠬᠤᠶᠠᠷ ᠵᠥᠪᠯᠡᠯ︾ ᠤᠨ ᠠᠵᠢᠯᠲᠠᠨ ᠠᠴᠠ ᠲᠣᠰᠬᠤᠨ ᠤ ᠠᠷᠠᠳ ᠤᠨ ᠵᠥᠪᠯᠡᠯ ᠤᠨ ᠰᠢᠨ᠎ᠡ ᠪᠠᠷ

ᠨᠡᠮᠡᠭᠰᠡᠨ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠶᠢ ᠨᠠᠷᠢᠨ ᠣᠶᠢᠯᠠᠭᠠᠪᠠ᠃ ᠪᠠᠶᠢᠴᠠᠭᠠᠬᠤ ᠳᠠᠷᠤᠭ᠎ᠠ ᠭᠦᠸᠧ

ᠸᠧᠨ ᠰᠢᠤ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢᠨ

ᠦᠢᠯᠡᠳᠦᠯ ᠢ ᠪᠠᠳᠠᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ᠂ ᠲᠣᠰᠬᠤᠨ ᠢ

ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠪᠠ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠠᠵᠢᠯ ᠤᠨ

ᠴᠢᠷᠮᠠᠶᠢᠯᠭ᠎ᠠ ᠶᠢ ᠭᠦᠢᠴᠡᠳ ᠨᠤᠲᠠᠯᠠᠬᠤ ᠶᠢᠨ ᠬᠠᠮᠲᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ︽ᠮᠢᠩᠭ᠎ᠠ

ᠲᠦᠮᠡᠨ ᠢᠨᠵᠧᠨᠧᠷᠢᠩ︾ ᠵᠢᠴᠢ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ

ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠮᠡᠳᠡᠷᠡᠵᠦ ᠪᠠᠶᠢᠬᠤ ᠪᠠᠨ ᠢᠯᠡᠳᠬᠡᠵᠦ᠂

ᠲᠣᠰᠬᠤᠨ ᠤ ︽ᠬᠤᠶᠠᠷ ᠵᠥᠪᠯᠡᠯ︾ ᠤᠨ ᠠᠵᠢᠯᠲᠠᠨ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ

ᠭᠡᠰᠢᠭᠦᠳ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂

ᠲᠣᠰᠬᠤᠨ ᠤ ᠠᠷᠠᠳ ᠤᠨ ᠵᠥᠪᠯᠡᠯ ᠠᠴᠠ ︽ᠭᠠᠷᠴᠦ ᠶᠠᠪᠣᠬᠤ︾ ᠠᠴᠠ ᠦᠢᠯᠡᠴᠢᠯᠡᠭᠡ ᠶᠢ ︽ᠭᠠᠳᠠᠭᠰᠢ  ᠬᠦᠷᠭᠡᠬᠦ︾

ᠪᠣᠯᠭᠠᠵᠦ᠂ ᠲᠠᠷᠢᠶᠠᠴᠢᠳ ᠢ ᠲᠣᠰᠬᠤᠨ ᠠᠴᠠ ᠭᠠᠷᠬᠤ ᠦᠭᠡᠢ ᠪᠠᠷ ᠠᠷᠠᠳ ᠲᠤ ᠰᠢᠯᠢᠳᠡᠭ ᠰᠠᠶᠢᠨ ᠦᠢᠯᠡᠴᠢᠯᠡᠭᠡ

ᠬᠦᠷᠲᠡᠭᠡᠬᠦ ᠶᠢ ᠬᠦᠰᠡᠪᠡ᠃

          ᠵᠣᠬᠢᠶᠠᠭᠴᠢ᠄ ᠵᠡᠭᠡᠷᠡᠲᠦ ᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

          ᠣᠷᠴᠢᠭᠤᠯᠣᠨ ᠨᠠᠶᠢᠷᠠᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠵᠡᠭᠡᠷᠡᠲᠦ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号