ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠭᠦᠬᠦ ᠬᠤᠷᠢᠶᠠᠨ ᠳᠤ ᠭᠦᠨᠵᠡᠭᠡᠶᠢᠷᠡᠨ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/20
         9 ᠰᠠᠷ᠎ᠠ ᠶᠢᠨ 19 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠶᠤᠸᠠᠨ ᡁᠢ ᠨᠠᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠭᠦᠬᠦ ᠬᠤᠷᠢᠶᠠᠨ ᠳᠤ ᠭᠦᠨᠵᠡᠭᠡᠶᠢᠷᠡᠨ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠶᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠯᠢᠩ ᠯᠦᠩ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠱᠤᠸᠠᠢ ᠢᠦᠶ ᠪᠢᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃

     ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠱᠤᠸᠠᠢ ᠢᠦᠶ

ᠪᠢᠩ ᠪᠠᠶᠢᠴᠠᠭᠠᠨ ᠰᠤᠳᠤᠯᠬᠤ ᠳᠤᠭᠤᠶᠢᠯᠠᠩ ᠳᠤ ᠣᠶᠢᠷ᠎ᠠ ᠶᠢᠨ ᠭᠤᠷᠪᠠᠨ ᠵᠢᠯ ᠤᠨ ᠵᠠᠰᠠᠭ ᠵᠠᠬᠢᠷᠭᠠᠨ ᠤ ᠰᠢᠭᠦᠨ

ᠲᠠᠰᠤᠯᠤᠯᠲᠠ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠮᠢᠶ᠎ᠠ

ᠪᠥᠬᠦᠶ ᠪᠠᠶᠢᠳᠠᠯ ᠢ ᠨᠠᠷᠢᠨ ᠣᠶᠢᠯᠠᠭᠠᠵᠤ᠂ ᠣᠳᠣᠬᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠳᠤ ᠣᠷᠣᠰᠢᠵᠤ

ᠪᠠᠶᠢᠭ᠎ᠠ ᠬᠦᠴᠢᠷᠳᠡᠯ ᠪᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠶᠢᠨ ᠲᠤᠬᠠᠶ

ᠰᠠᠨᠠᠯ ᠢᠶᠠᠨ ᠭᠦᠨᠵᠡᠭᠡᠶ ᠰᠣᠯᠢᠯᠴᠠᠭᠰᠠᠨ ᠪᠥᠭᠡᠳ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃

     ᠯᠢ ᠶᠤᠸᠠᠨ ᡁᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ

ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠨᠢ ᠪᠥᠬᠦ

ᠬᠤᠲᠠ ᠶᠢᠨ ᠡᠯ᠎ᠡ ᠭᠠᠵᠠᠷ ᠤᠨ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠢ ᠤᠯᠠᠮ ᠨᠢᠭᠡ ᠠᠯᠬᠤᠮ ᠣᠶᠢᠯᠠᠭᠠᠬᠤ ᠶᠢᠨ

ᠬᠠᠮᠲᠤ ᠳᠤᠮᠳᠠ ᠠᠴᠠ ᠨᠢ ᠨᠡᠶᠢᠲᠡᠯᠢᠭ ᠲᠤᠷᠰᠢᠯᠭ᠎ᠠ ᠬᠢᠳᠡᠯ ᠢ ᠢᠯᠡᠷᠡᠭᠦᠯᠬᠦ ᠶᠢᠨ ᠲᠥᠯᠥᠭᠡ ᠶᠤᠮ᠃ ᠬᠤᠶᠢᠰᠢᠳᠠ ᠶᠢᠨ

ᠠᠵᠢᠯ ᠤᠨ ᠳᠤᠮᠳᠠ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ

ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠬᠤ ᠪᠠᠷ ᠬᠦᠴᠦᠯᠡᠨ ᠴᠢᠷᠮᠠᠶᠢᠵᠤ᠂ ᠰᠢᠭᠦᠬᠦ ᠬᠤᠷᠢᠶᠠᠨ ᠤ ᠵᠠᠰᠠᠭ

ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠲᠥᠪ ᠭᠤᠤᠯᠴᠢ ᠴᠢᠨᠠᠷ ᠪᠠ ᠦᠷ᠎ᠡ ᠪᠦᠲᠦᠮᠵᠢ ᠶᠢᠨ ᠴᠢᠨᠠᠷ ᠢ ᠲᠠᠰᠤᠷᠠᠯᠳᠠ

ᠦᠭᠡᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ

ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠶᠡᠭᠡ ᠪᠠᠶᠢᠷᠢᠰᠢᠯ ᠳᠤ ᠠᠭᠤᠰᠤᠯᠴᠠᠵᠤ᠂ ᠵᠠᠰᠠᠭ

ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂

ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠡᠭᠦᠨ ᠤ ᠤᠯᠠᠮ ᠠᠴᠠ ᠬᠠᠤᠯᠢ

ᠴᠠᠭᠠᠵᠠ ᠶᠢᠨ ᠲᠥᠪ ᠭᠤᠣᠯᠴᠢ ᠪᠠᠶᠢᠬᠤ ᠶᠢ ᠤᠯᠠᠮ ᠨᠢᠭᠡ ᠠᠯᠬᠤᠮ ᠪᠠᠲᠤᠯᠠᠵᠤ᠂ ᠠᠷᠠᠳ ᠢᠷᠭᠡᠳ ᠤᠨ ᠬᠠᠤᠯᠢ ᠶᠣᠰᠣᠨ ᠤ

ᠡᠷᠬᠡ ᠶᠢ ᠪᠠᠲᠤᠯᠠᠬᠤ ᠬᠡᠷᠡᠭᠲᠡᠶ ᠭᠡᠵᠦ ᠵᠢᠭᠠᠵᠦ ᠭᠠᠷᠭᠠᠪᠠ  ᠃

       ᠰᠤᠷᠪᠤᠯᠵᠢᠯᠠᠭᠴᠢ᠄ ᠵᠠᠩ ᠰᠢᠶᠤᠤ ᠳ᠋ᠦᠩ    ᠸᠠᠩ ᡁᠢ ᠹᠠᠩ

       ᠤᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号