ᠴᠠᠬᠠᠷ ᠪᠠᠷᠠᠭᠤᠨ ᠭᠠᠷᠣᠨ ᠲᠤᠮᠳᠠᠳᠦ ᠬᠤᠰᠢᠭᠤ ︽ᠣᠷᠣᠯᠭ᠎ᠠ ᠶᠢ ᠪᠠᠳᠣᠯᠠᠵᠤ ᠤᠷᠤᠯᠭ᠎ᠠ ᠶᠢ ᠲᠤᠭᠳᠠᠪᠦᠷᠢᠵᠢᠭᠤᠯᠤᠨ ᠣᠷᠣᠯᠭ᠎ᠠ ᠶᠢ ᠨᠡᠮᠡᠭᠳᠡᠭᠦᠯᠵᠦ ᠪᠤᠷᠤᠯᠠᠭᠤᠯᠭ᠎ᠠ ᠶᠢ ᠠᠬᠢᠭᠤᠯᠬᠤ︾ ᠦᠨᠳᠦᠰᠦᠨ ᠱᠠᠳᠣᠨ ᠳᠤ ᠬᠦᠨᠵᠡᠬᠡᠶᠢᠷᠡᠨ ᠲᠠᠷᠢᠶᠠᠴᠢᠳ ᠲᠤ ᠠᠰᠢᠭ ᠲᠤᠰᠠ ᠬᠦᠷᠳᠡᠭᠡᠬᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/9/26
    ᠦᠢᠷ᠎ᠠ ᠶᠢᠨ ᠡᠳᠦᠷ᠂ ᠴᠠᠬᠠᠷ ᠪᠠᠷᠠᠭᠤᠨ ᠭᠠᠷᠤᠨ ᠲᠤᠮᠳᠠᠳᠦ ᠬᠤᠰᠢᠭᠤ ︽ᠤᠷᠤᠯᠭ᠎ᠠ ᠶᠢ ᠪᠠᠳᠣᠯᠠᠵᠣ ᠤᠷᠤᠯᠭ᠎ᠠ ᠶᠢ ᠲᠤᠭᠳᠠᠪᠦᠷᠢᠵᠢᠭᠤᠯᠤᠨ ᠣᠷᠣᠯᠭ᠎ᠠ ᠶᠢ ᠨᠡᠮᠡᠭᠳᠡᠭᠦᠯᠵᠦ ᠪᠤᠷᠤᠯᠠᠭᠤᠯᠭ᠎ᠠ ᠶᠢ ᠠᠬᠢᠭᠤᠯᠬᠤ︾ ᠲᠠᠷᠢᠶᠠᠯᠠᠩ ᠮᠠᠯ ᠠᠵᠤ ᠠᠬᠤᠢ ᠶᠢ ᠲᠤᠰᠠᠯᠠᠬᠤ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠯᠢ ᠮᠧᠢ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠢᠶᠠᠨ ᠱᠧᠩ᠂ ᠬᠤᠰᠢᠭᠤᠨ ᠤ ᠣᠯᠣᠰ ᠲᠦᠷᠥ ᠶᠢᠨ ᠵᠦᠪᠯᠡᠯᠭᠡᠨ ᠤ ᠲᠡᠷᠢᠭᠦᠯᠡᠭᠴᠢ ᠯᠢ ᠶᠢᠨ ᠣᠷᠣᠯᠴᠠᠪᠠ᠃

     ᠭᠤᠤ ᠰᠧᠨ ᠡᠬᠢᠯᠡᠯᠲᠡ ᠶᠢᠨ ᠶᠣᠰᠣᠯᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ

ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠮᠠᠯ ᠤᠨ ᠬᠤᠷᠢᠶᠠᠯᠲᠠ ᠶᠢ

ᠦᠨᠡᠨ ᠬᠦ ᠣᠳᠣᠬᠠᠨ ᠤ ᠬᠠᠮᠤᠭ ᠤᠨ ᠲᠤᠯᠭᠠᠮ᠎ᠠ ᠠᠵᠢᠯ ᠤᠨ ᠡᠭᠦᠷᠭᠡ ᠪᠠᠨ ᠪᠣᠯᠭᠠᠵᠤ᠂ ᠴᠠᠭ ᠮᠥᠴᠡ ᠶᠢ ᠠᠮᠵᠢᠨ

ᠲᠠᠷᠢᠶᠠᠴᠢᠨ ᠡᠷᠦᠬᠡ ᠶᠢ ᠬᠠᠪᠰᠤᠷᠤᠨ ᠪᠣᠯᠪᠠᠰᠤᠷᠠᠩᠭᠤᠶ ᠲᠠᠷᠢᠮᠠᠯ ᠢ ᠵᠠᠪᠳᠤᠨ ᠬᠤᠷᠢᠶᠠᠵᠤ᠂ ᠴᠠᠭ ᠲᠠᠢ ᠣᠷᠣᠯᠳᠣᠵᠦ ᠪᠥᠬᠦ

ᠠᠷᠠᠳ ᠤᠨ ᠨᠠᠮᠤᠷ ᠤᠨ ᠬᠤᠷᠢᠶᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ᠃ ᠬᠤᠰᠢᠭᠤᠨ ᠱᠠᠲᠤᠨ ᠤ

ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠳᠠᠷᠤᠶ ᠲᠦᠷᠭᠡᠨ ᠳᠠᠭᠠᠭᠠᠴᠢᠯᠠᠭᠰᠠᠨ ᠰᠤᠮᠤ ᠰᠢᠶᠠᠩ ᠪᠠᠯᠭᠠᠰᠤᠨ ᠳᠤ

ᠭᠦᠨᠵᠡᠭᠡᠶᠢᠷᠡᠵᠦ᠂ ᠪᠠᠯᠭᠠᠰᠤᠨ ᠳᠤ ᠰᠠᠭᠤᠵᠤ ᠲᠠᠷᠢᠮᠠᠯ ᠤᠨ ᠵᠦᠢᠯ ᠢ ᠵᠠᠪᠳᠤᠨ ᠬᠤᠷᠢᠶᠠᠬᠤ ᠠᠵᠢᠯ ᠢ ᠵᠢᠯᠣᠭᠤᠳᠴᠤ᠂ ᠡᠯ᠎ᠡ

ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ ᠵᠠᠪᠳᠤᠨ ᠬᠤᠷᠢᠶᠠᠬᠤ ᠠᠵᠢᠯ ᠳᠤ ᠣᠷᠣᠭᠤᠯᠵᠤ᠂ ᠬᠤᠷᠢᠶᠠᠬᠤ ᠮᠠᠰᠢᠨ᠂

ᠬᠠᠳᠠᠭᠠᠬᠤ ᠮᠠᠰᠢᠨ ᠵᠡᠷᠭᠡ ᠮᠠᠰᠢᠨ ᠲᠥᠬᠦᠭᠡᠷᠦᠮᠵᠢ ᠶᠢ ᠢᠳᠡᠪᠬᠢᠲᠡᠶ ᠪᠠᠷ ᠬᠠᠪᠰᠤᠷᠤᠨ ᠳᠣᠭᠢᠷᠠᠭᠤᠯᠵᠤ᠂ ᠲᠠᠷᠢᠮᠠᠯ ᠤᠨ

ᠬᠤᠷᠢᠶᠠᠯᠲᠠ ᠶᠢᠨ ᠶᠠᠪᠤᠴᠠ ᠳᠠᠬᠢ ᠠᠰᠠᠭᠤᠳᠠᠯ ᠬᠦᠴᠢᠷᠳᠡᠯ ᠢ ᠨᠢ ᠰᠠᠶᠢᠲᠤᠷ ᠰᠢᠢᠳᠪᠦᠷᠢᠯᠡᠵᠦ᠂ ᠵᠠᠪᠳᠤᠨ ᠬᠤᠷᠢᠶᠠᠬᠤ

ᠠᠵᠢᠯ ᠤᠨ ᠥᠨᠳᠥᠷ ᠪᠦᠲᠦᠮᠵᠢᠲᠡᠶ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠥᠬᠦ ᠬᠤᠰᠢᠭᠤᠨ ᠤ

ᠨᠠᠮ ᠵᠠᠰᠠᠭ ᠤᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠠᠮ ᠤᠨ ᠭᠡᠰᠢᠭᠦᠨ ᠺᠠᠳ᠋ᠷ ᠢ ᠲᠠᠲᠠᠵᠤ᠂

ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠬᠤ ᠪᠠ ᠵᠠᠪᠳᠤᠨ ᠬᠤᠷᠢᠶᠠᠬᠤ

ᠭᠠᠪᠰᠢᠭᠠᠶ ᠠᠩᠭᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠬᠢᠷᠠᠭᠤᠯᠤᠯᠲᠠ ᠶᠣᠰᠣᠭᠠᠷ᠂

ᠰᠠᠨᠠᠭᠠᠴᠢᠯᠠᠭ᠎ᠠ ᠠᠴᠠ ᠪᠠᠨ ᠰᠤᠮᠤ ᠰᠢᠶᠠᠩ ᠪᠠᠯᠭᠠᠰᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠲᠠᠢ ᠵᠣᠯᠭᠠᠭᠤᠯᠵᠤ᠂

ᠲᠠᠷᠢᠶᠠᠨ ᠭᠠᠵᠠᠷ ᠲᠤ ᠲᠦᠷᠭᠡᠨ ᠪᠠᠭᠤᠵᠤ᠂ ᠲᠠᠷᠢᠶᠠᠴᠢᠨ ᠡᠷᠦᠬᠡ ᠶᠢ ᠬᠠᠪᠰᠤᠷᠤᠨ ᠵᠠᠪᠳᠤᠨ ᠬᠤᠷᠢᠶᠠᠬᠤ ᠠᠵᠢᠯ ᠢ ᠰᠠᠶᠢᠲᠤᠷ

ᠠᠳᠬᠤᠵᠤ᠂ ᠢᠯᠠᠩᠭᠤᠶ᠎ᠠ ᠨᠠᠰᠤ ᠠᠬᠠᠰᠢᠷᠠᠵᠤ ᠪᠡᠶ᠎ᠡ ᠪᠠᠭᠤᠷᠠᠶ᠂ ᠬᠥᠳᠡᠯᠮᠦᠷᠢ ᠬᠦᠴᠦ ᠳᠤᠲᠠᠭᠳᠠᠭᠰᠠᠨ ᠵᠢᠴᠢ ᠨᠡᠯᠢᠶᠡᠳ

ᠬᠦᠨᠳᠦ ᠭᠠᠮᠰᠢᠭᠳᠠᠭᠰᠠᠨ ᠲᠠᠷᠢᠶᠠᠴᠢᠨ ᠡᠷᠦᠬᠡ ᠳᠤ ᠴᠢᠭᠯᠡᠭᠦᠯᠦᠨ᠂ ᠬᠥᠮᠦᠨ ᠪᠠ ᠮᠧᠬᠠᠨᠢᠭ ᠢ ᠲᠥᠪᠯᠡᠷᠡᠭᠦᠯᠦᠨ ᠪᠥᠬᠦ

ᠬᠦᠴᠦᠨ ᠢᠶᠠᠷ ᠢᠶᠠᠨ ᠬᠠᠪᠰᠤᠷᠤᠨ ᠬᠤᠷᠢᠶᠠᠯᠲᠠ ᠶᠢ ᠲᠦᠷᠭᠡᠨ ᠪᠡᠶᠡᠯᠡᠭᠦᠯᠵᠦ᠂ ᠮᠥᠬᠦᠯᠢᠭ ᠪᠦᠷᠢ ᠶᠢ ᠬᠥᠮᠥᠷᠭᠡ ᠳᠤ

ᠣᠷᠣᠭᠤᠯᠬᠤ ᠶᠢ ᠪᠠᠲᠤᠯᠠᠬᠤ ᠬᠡᠷᠡᠭᠲᠡᠶ᠃

     ᠬᠥᠳᠡᠭᠡ ᠠᠵᠤ ᠠᠬᠤᠢ ᠶᠢ ᠲᠤᠰᠠᠯᠠᠬᠤ ᠦᠢᠯᠡᠳᠦᠯᠭᠡ ᠶᠢᠨ ᠠᠵᠢᠯᠯᠠᠭ᠎ᠠ ᠳᠤᠮᠳᠠ᠂ ᠪᠦᠬᠦ ᠺᠠᠳ᠋ᠷ ᠠᠵᠢᠯᠳᠠᠨ

ᠠᠵᠢᠯᠴᠢᠨ ᠬᠥᠬᠡᠪᠦᠷ ᠪᠠᠯᠭᠠᠰᠤᠨ ᠤ ᠪᠸᠢ ᠳ᠋ᠢ ᠲᠣᠰᠬᠤᠨ ᠤ ᠲᠠᠷᠢᠶᠠᠨ ᠭᠠᠵᠠᠷ ᠤᠨ ᠨᠠᠮᠤᠷ ᠤᠨ ᠬᠤᠷᠢᠶᠠᠯᠲᠠ ᠶᠢᠨ ᠨᠢᠭᠡᠳᠦᠭᠡᠷ

ᠹᠷᠣᠨᠲ ᠲᠤ ᠭᠦᠨᠵᠡᠭᠡᠶᠢᠷᠡᠵᠦ᠂ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ ᠬᠤᠷᠢᠶᠠᠵᠤ ᠪᠠᠶᠢᠪᠠ᠃ ᠲᠠᠷᠢᠶᠠᠨ

ᠵᠠᠬ᠎ᠠ ᠳᠡᠭᠡᠷ᠎ᠡ ᠣᠯᠠᠨ ᠢᠶᠠᠷ ᠢᠶᠠᠨ ᠠᠵᠢᠯ ᠬᠤᠪᠢᠶᠠᠷᠢᠯᠠᠨ ᠨᠢᠭᠲᠠ ᠬᠠᠮᠵᠢᠯᠴᠠᠵᠤ ᠬᠠᠨᠴᠤᠢ ᠰᠢᠮᠠᠯᠠᠨ ᠶᠠᠭᠠᠷᠠᠯᠳᠣᠵᠣ᠂ ᠨᠢᠭᠡ

ᠨᠢᠭᠡ ᠣᠭᠤᠲᠠ ᠲᠦᠮᠦᠰᠦ ᠶᠢ ᠲᠠᠷᠢᠶᠠᠨ ᠭᠠᠵᠠᠷ ᠲᠤ ᠲᠠᠯᠠᠩ ᠪᠤᠰᠬᠠᠨ ᠤᠪᠤᠭᠠᠯᠠᠵᠤ᠂  ᠤᠯᠤᠭᠰᠠᠨ ᠠᠮᠵᠢᠯᠳᠠ ᠪᠠᠨ

ᠬᠠᠷᠠᠭᠠᠳ ᠬᠠᠴᠠᠷ ᠲᠦᠭᠦᠷᠡᠩ ᠪᠠᠶᠠᠷ ᠤᠨ ᠢᠨᠢᠶᠡᠲᠦ ᠪᠢᠯᠬᠠᠭᠤᠯᠵᠤ ᠪᠠᠶᠢᠯ᠎ᠠ᠃

      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠺᠠᠳ᠋ᠷ ᠠᠵᠢᠯᠲᠠᠨ ᠠᠵᠢᠯᠴᠢᠨ ᠪᠣᠳᠠᠲᠤ ᠠᠵᠢᠯᠯᠠᠭ᠎ᠠ ᠪᠠᠷ ᠢᠶᠠᠨ

ᠦᠨᠳᠦᠰᠦᠨ ᠱᠠᠲᠤᠨ ᠳᠤ ᠭᠦᠨᠵᠡᠭᠡᠶᠢᠷᠡᠨ ᠣᠯᠠᠨ ᠲᠦᠮᠡᠨ ᠳᠤ ᠨᠢᠭᠡ ᠬᠤᠪᠢ ᠰᠡᠳᠬᠢᠯ ᠲᠠᠯᠪᠢᠵᠤ᠂ ᠨᠢᠭᠡ ᠬᠤᠪᠢ ᠬᠦᠴᠦ

ᠣᠷᠣᠭᠤᠯᠵᠤ᠂ ᠪᠣᠷᠣᠭᠠᠨ ᠤ ᠳᠠᠷᠠᠭ᠎ᠠ ᠵᠠᠪᠳᠤᠨ ᠬᠤᠷᠢᠶᠠᠵᠤ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠢ ᠥᠷᠨᠢᠭᠦᠯᠵᠦ᠂

ᠦᠷᠬᠦᠯᠵᠢᠯᠡᠭᠰᠡᠨ ᠪᠣᠷᠣᠭᠠᠨ ᠤ ᠲᠠᠷᠢᠶᠠᠴᠢᠨ ᠡᠷᠦᠬᠡ ᠶᠢᠨ ᠨᠠᠮᠤᠷ ᠤᠨ ᠬᠤᠷᠢᠶᠠᠯᠲᠠ ᠳᠤ ᠤᠴᠠᠷᠠᠭᠤᠯᠤᠭᠰᠠᠨ ᠬᠤᠬᠢᠷᠠᠯ ᠪᠠ

ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠲᠠᠷᠢᠶᠠᠴᠢᠨ ᠡᠷᠦᠬᠡ ᠶᠢ ᠬᠠᠪᠰᠤᠷᠤᠨ ᠬᠤᠷᠢᠶᠠᠯᠲᠠ ᠶᠢᠨ

ᠪᠠᠴᠢᠮ ᠪᠠᠶᠢᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ

ᠠᠯᠬᠤᠮ ᠣᠶᠢᠷᠠᠲᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠣᠯᠠᠨ ᠲᠦᠮᠡᠨ ᠳᠤ ᠦᠢᠯᠡᠴᠢᠯᠡᠬᠦ ᠬᠠᠷᠢᠭᠤᠴᠠᠯᠭᠠᠲᠤ

ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠪᠡ᠃

    ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠠᠮᠤᠷ ᠤᠨ ᠠᠮᠤ ᠪᠤᠳᠠᠭ᠎ᠠ ᠶᠢ

ᠵᠠᠪᠳᠤᠨ ᠬᠤᠷᠢᠶᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ

ᠲᠣᠰᠬᠤᠨ ᠤ ᠠᠷᠠᠳ ᠤᠨ ᠲᠠᠷᠢᠮᠠᠯ ᠤᠨ ᠬᠤᠷᠢᠶᠠᠵᠤ ᠠᠪᠤᠭᠰᠠᠨ ᠦᠭᠡᠢ ᠪᠠᠶᠢᠳᠠᠯ ᠢ ᠨᠠᠷᠢᠯᠢᠭ ᠣᠨᠣᠴᠠᠲᠠᠶ ᠪᠠᠷ ᠪᠠᠶᠢᠴᠠᠭᠠᠨ

ᠵᠢᠭᠰᠠᠭᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠠᠩᠭᠠᠵᠤ᠂ ᠲᠠᠷᠢᠮᠠᠯ ᠤᠨ ᠬᠤᠷᠢᠶᠠᠬᠤ ᠶᠣᠰᠣᠲᠠᠶ ᠶᠢ ᠨᠢ ᠪᠦᠬᠦᠨ ᠢ

ᠬᠤᠷᠢᠶᠠᠵᠤ᠂ ᠮᠥᠬᠦᠯᠢᠭ ᠪᠦᠷᠢ ᠶᠢ ᠬᠥᠮᠥᠷᠭᠡ ᠳᠤ ᠣᠷᠣᠭᠤᠯᠵᠤ ᠨᠠᠮᠤᠷ ᠤᠨ ᠬᠤᠷᠢᠶᠠᠯᠲᠠ ᠶᠢᠨ ᠰᠠᠨᠠᠭᠠᠴᠢᠯᠠᠭᠠᠲᠤ

ᠳᠠᠶᠢᠯᠠᠯᠳᠤᠭᠠᠨ ᠢ ᠰᠠᠶᠢᠲᠤᠷ ᠬᠢᠬᠦ ᠶᠢ ᠪᠠᠲᠤᠯᠠᠨ᠎ᠠ᠃

          ᠰᠣᠷᠪᠣᠯᠵᠢᠯᠬᠠᠴᠢ᠄  ᠵᠠᠩ ᠰᠢᠶᠤᠤ ᠳ᠋ᠦᠩ    ᠵᠠᠩ ᠹᠸᠢ ᠢᠣᠢ

          ᠣᠷᠴᠢᠭᠤᠯᠣᠨᠨᠴᠢ᠄  ᠠᠴᠢᠯᠠ

       

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号