| ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠯᠡᠳᠡᠭᠡᠬᠦ ᠭᠠᠷᠴᠠᠭ ︵2024 ᠣᠨ ᠤ ᠬᠡᠪᠯᠡᠯ︶︾ ᠪᠠ ︽ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠶᠢ ᠦᠯᠡᠳᠡᠭᠡᠬᠦ ᠭᠠᠷᠴᠠᠭ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ ︵ᠤᠯᠠᠭᠠᠨᠴᠠᠪ ᠬᠤᠳᠡ ᠶᠢᠨ | ᠠᠷᠠᠳ ᠤᠨ ᠵᠠᠰᠠᠭ ᠤᠨ ᠣᠷᠳᠣᠨ ᠲᠠᠷᠬᠠᠭᠠᠭᠰᠠᠨ ﹇2020﹈ 14 ᠳ᠋ᠣᠭᠡᠷ ᠲᠣᠭᠠᠲᠤ︶ ︵ᠳᠣᠷᠣᠭᠰᠢ ︽ | 2024 ᠣᠨ ᠤ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ︾ ᠭᠡᠵᠦ ᠲᠣᠪᠴᠢᠯᠠᠨ᠎ᠠ︶ ᠶᠢ | ᠳᠠᠷᠤᠮᠠᠯᠯᠠᠨ ᠲᠠᠷᠬᠠᠭᠠᠵᠤ᠂ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠶᠢᠨ ᠬᠠᠮᠢᠶ᠎ᠠ ᠪᠥᠬᠦᠶ ᠠᠭᠤᠯᠭ᠎ᠠ ᠶᠢ | ᠨᠠᠩ ᠰᠠᠶᠢᠲᠤᠷ ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ︽2024 ᠣᠨ ᠤ ᠬᠡᠪᠯᠡᠯ ᠤᠨ | ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢᠨ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ | ᠲᠠᠶᠢᠯᠪᠤᠷᠢᠯᠠᠶ᠎ᠠ᠄ | ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠶᠠᠪᠤᠴᠠ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ | ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ | 2024 ᠣᠨ ᠤ 5 ᠰᠠᠷ᠎ᠠ ᠶᠢᠨ 20 ᠤ ᠡᠳᠦᠷ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ︽ | ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠦᠯᠡᠳᠡᠭᠡᠬᠦ ᠭᠠᠷᠴᠠᠭ ︵2024 ᠣᠨ ᠤ ᠬᠡᠪᠯᠡᠯ︶︾ ᠪᠠ ︽ᠤᠯᠠᠭᠠᠨᠴᠠᠪ ᠬᠤᠲᠠ ᠶᠢᠨ ᠲᠣᠰ | ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠦᠴᠦᠨ ᠥᠬᠡᠶ ᠪᠣᠯᠭᠠᠬᠤ | ᠭᠠᠷᠴᠠᠭ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ ︵ᠤᠯᠠᠭᠠᠨᠴᠠᠪ ᠬᠤᠲᠠ ᠶᠢᠨ ᠲᠣᠰ ᠱᠠᠲᠤᠨ ᠤ ᠰᠠᠯᠠᠭ᠎ᠠ | ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠦᠴᠦᠨ ᠥᠬᠡᠶ ᠪᠣᠯᠭᠠᠬᠤ ᠭᠠᠷᠴᠠᠭ︾ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ | ᠲᠥᠪᠯᠡᠷᠡᠭᠦᠯᠦᠨ ᠳᠣᠭᠢᠷᠠᠭᠤᠯᠬᠤ ᠠᠵᠢᠯ ᠢ ᠥᠷᠨᠢᠭᠦᠯᠪᠡ᠃ ︽2024 ᠣᠨ ᠤ ᠬᠡᠪᠯᠡᠯ ᠤᠨ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ︾ ᠤᠷᠢᠳ ᠬᠤᠵᠢᠳ ᠬᠤᠰᠢᠭᠤᠨ ᠤ ᠲᠣᠰ ᠬᠤᠰᠢᠭᠤᠨ ᠤ 31 ᠰᠠᠯᠠᠭ᠎ᠠ | ᠮᠥᠴᠢᠷ ᠤᠨ ᠰᠠᠨᠠᠯ ᠢ ᠴᠤᠭᠯᠠᠭᠤᠯᠵᠤ᠂ ᠨᠡᠶᠢᠲᠡ 28 ᠵᠤᠷᠪᠤᠰ ᠰᠠᠨᠠᠯ ᠰᠠᠨᠠᠭᠤᠯᠭ᠎ᠠ ᠶᠢ ᠭᠥᠯᠢᠶᠡᠨ ᠠᠪᠤᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠰᠡᠨ ᠤ ᠳᠠᠷᠠᠭ᠎ᠠ᠂ | ᠥᠪᠡᠷ ᠤᠨ ᠥᠷᠲᠡᠭ ᠢ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠪᠡ᠃ | ᠬᠤᠶᠠᠷ᠂ ᠭᠤᠣᠯ ᠠᠭᠤᠯᠭ᠎ᠠ | ︽2024 ᠣᠨ ᠤ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ︾ ᠳᠤ ᠡᠷᠬᠡ | ᠬᠠᠷᠢᠭᠤᠴᠠᠯᠭ᠎ᠠ ᠶᠢᠨ ᠭᠤᠤᠯ ᠴᠣᠭᠴᠠ᠂ ᠡᠷᠬᠡ ᠶᠢᠨ ᠵᠦᠢᠯᠡᠰ ᠤᠨ ᠨᠡᠷᠡᠶᠢᠳᠦᠯ᠂ ᠡᠷᠬᠡ ᠶᠢᠨ ᠲᠥᠷᠥᠯ ᠬᠡᠯᠪᠡᠷᠢ᠂ | ᠪᠠᠶᠢᠷᠢᠯᠠᠭᠤᠯᠤᠭᠰᠠᠨ ᠦᠨᠳᠦᠰᠦᠯᠡᠯ᠂ ᠰᠢᠢᠳᠪᠦᠷᠢᠯᠡᠬᠦ ᠲᠣᠭᠲᠠᠭᠠᠯ ᠵᠢᠴᠢ ᠰᠢᠯᠲᠠᠭᠠᠨ᠂ ᠬᠤᠰᠢᠭᠤᠨ ᠤ ᠰᠢᠭᠤᠳ | ᠬᠠᠷᠢᠶ᠎ᠠ ᠰᠠᠯᠠᠭ᠎ᠠ ᠮᠥᠴᠢᠷ ᠤᠨ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠵᠢᠯᠣᠭᠤᠳᠴᠤ ᠵᠣᠯᠭᠠᠭᠤᠯᠬᠤ ᠠᠷᠭ᠎ᠠ ᠬᠡᠮᠵᠢᠶ᠎ᠡ ᠵᠡᠷᠭᠡ 7 ᠲᠥᠷᠥᠯ ᠤᠨ ᠬᠦᠴᠦᠨ ᠵᠦᠢᠯ ᠢ ᠪᠠᠭᠲᠠᠭᠠᠨ᠎ᠠ᠃ | ᠬᠤᠰᠢᠭᠤᠨ ᠤ ᠲᠣᠰ ᠱᠠᠲᠤᠨ ᠤ 31 ᠰᠠᠯᠠᠭ᠎ᠠ ᠮᠥᠴᠢᠷ ᠲᠤ ᠬᠤᠯᠪᠣᠭᠳᠠᠵᠤ᠂ ᠨᠡᠶᠢᠲᠡ 4154 ᠵᠦᠢᠯ ᠤᠨ | ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠦᠯᠡᠳᠡᠭᠡᠵᠦ᠂ 72 ᠵᠦᠢᠯ ᠤᠨ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠦᠭᠡᠢ ᠪᠣᠯᠭᠠᠵᠤ᠂ 87 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠢ ᠳᠣᠷᠣᠭᠰᠢ ᠪᠠᠭᠤᠯᠭᠠᠪᠠ᠃ | ᠭᠤᠷᠪᠠ᠂ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠬᠡᠷᠡᠭᠲᠡᠶ | ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠯᠡᠳᠡᠭᠡᠬᠦ ᠭᠠᠷᠴᠠᠭ ︵2024 ᠣᠨ ᠤ ᠬᠡᠪᠯᠡᠯ︶︾ ᠪᠠ ︽ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠶᠢ ᠬᠦᠴᠦᠨ ᠥᠬᠡᠶ ᠪᠣᠯᠭᠠᠬᠤ ᠭᠠᠷᠴᠠᠭ︾ ᠢ ᠲᠣᠭᠤᠰᠢᠯᠠᠭᠤᠯᠣᠨ ᠬᠡᠷᠡᠭᠵᠢᠭᠦᠯᠬᠦ ᠶᠢ ᠦᠨᠡᠨ ᠬᠦ | ᠰᠠᠶᠢᠲᠤᠷ ᠬᠢᠬᠦ ᠶᠢᠨ ᠲᠥᠯᠥᠭᠡ᠂ ︽ᠮᠡᠳᠡᠭᠳᠡᠯ︾ ᠳᠤ ᠡᠯ᠎ᠡ ᠬᠤᠯᠪᠣᠭᠳᠠᠯ ᠪᠥᠬᠦᠶ ᠨᠢᠭᠡᠴᠡ ᠶᠢ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠵᠦ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠪᠦᠬᠦᠨ ᠢ ᠨᠠᠷᠢᠨ ᠲᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ | ᠲᠠᠩᠰᠠ ᠠᠴᠠ ᠭᠠᠳᠠᠨ᠎ᠠ ᠴᠥᠮ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠵᠦ ᠪᠣᠯᠬᠤ ᠥᠬᠡᠶ | ᠭᠡᠵᠦ ᠱᠠᠭᠠᠷᠳᠠᠪᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠶᠢ | ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ | ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠣᠯᠠᠨ ᠨᠡᠶᠢᠲᠡ ᠶᠢᠨ | ᠦᠢᠯᠡᠴᠢᠯᠡᠭᠡ ᠪᠠ ᠬᠢᠨᠠᠨ ᠬᠠᠮᠢᠶᠠᠷᠬᠤ ᠠᠵᠢᠯ ᠳᠤ ᠬᠥᠳᠡᠯᠦᠩᠭᠦᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠬᠦᠴᠦᠨ ᠥᠬᠡᠶ ᠪᠣᠯᠭᠠᠬᠤ ︵ᠬᠠᠤᠯᠢ | ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ | ᠰᠢᠯᠵᠢᠭᠦᠯᠦᠨ ᠲᠤᠰᠢᠶᠠᠵᠤ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠡᠷᠬᠡ ᠪᠠᠨ ᠲᠠᠯᠪᠢᠵᠤ ᠳᠡᠶᠢᠯᠬᠦ᠂ ᠭᠥᠯᠢᠶᠡᠨ | ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ | ᠲᠣᠭᠲᠠᠭᠠᠯ ᠵᠡᠷᠭᠡ ᠳᠤ ᠲᠣᠳᠣᠷᠬᠠᠶ ᠬᠦᠴᠦᠨ ᠥᠬᠡᠶ ᠪᠣᠯᠭᠠᠬᠤ ᠵᠦᠢᠯᠡᠰ ᠢ ᠴᠥᠮ ᠳᠠᠬᠢᠨ ᠬᠡᠷᠡᠭᠵᠢᠭᠦᠯᠬᠦ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ᠂ ᠬᠢᠨᠠᠨ ᠵᠥᠪᠰᠢᠶᠡᠷᠡᠬᠦ ᠶᠢ ᠨᠢᠭᠡᠨᠲᠡ ᠬᠦᠴᠦᠨ | ᠥᠬᠡᠶ ᠪᠣᠯᠭᠠᠭᠰᠠᠨ ᠪᠣᠯᠪᠠᠴᠤ ᠮᠥᠨ ᠬᠦ ᠬᠢᠨᠠᠨ ᠬᠠᠮᠢᠶᠠᠷᠬᠤ ᠴᠢᠬᠤᠯᠠᠲᠠᠶ ᠵᠦᠢᠯᠡᠰ ᠢ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ︽ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ | ᠰᠠᠨᠠᠯ︾ ︵ᠲᠥᠷᠥ ᠲᠠᠷᠬᠠᠭᠠᠭᠰᠠᠨ ︹2019︺ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠶᠠᠪᠤᠳᠠᠯ ᠤᠨ ᠳᠤᠮᠳᠠᠬᠢ ᠪᠠ ᠠᠵᠢᠯ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠬᠤᠭᠤᠰᠣᠨ ᠪᠣᠯᠬᠤ ᠠᠴᠠ | ᠵᠠᠶᠢᠯᠠᠰᠬᠢᠬᠦ ᠬᠡᠷᠡᠭᠲᠡᠶ᠃ | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠰᠦᠯᠵᠢᠶ᠎ᠡ | ᠣᠷᠴᠢᠭᠤᠯᠣᠨᠨᠴᠢ᠄ ᠭᠧ ᠲᠣᠸᠠᠨ ᠯᠢᠶᠡᠨ | | |