ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠦᠷᠨᠢᠬᠦᠯᠬᠦ ᠳᠤᠮᠳᠠᠬᠢ ᠡᠯ᠎ᠡ ᠰᠤᠮᠤ ᠰᠢᠶᠠᠩ ᠪᠠᠯᠭᠠᠰᠤ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/9/27
          ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ᠄ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹2020︺ 18 ᠳ᠋ᠤᠭᠠᠷ ᠲᠣᠭᠠᠲᠤ︶᠂ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄     ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠬᠢᠭᠡᠳ ᠵᠣᠬᠢᠴᠠᠭᠤᠯᠤᠯᠲᠠ 1. ᠰᠤᠮᠤ ᠰᠢᠶᠠᠩ ᠪᠠᠯᠭᠠᠰᠤ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠬᠤ ᠶᠢᠨ ᠬᠠᠮᠲᠤ ᠨᠢᠭᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠤᠯᠪᠣᠭᠠᠴᠢ ᠶᠢ ᠲᠣᠳᠣᠷᠬᠠᠶᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ 2. ᠰᠤᠮᠤ ᠰᠢᠶᠠᠩ ᠪᠠᠯᠭᠠᠰᠤ ᠶᠢᠨ ᠡᠯ᠎ᠡ ᠰᠠᠯᠠᠭ᠎ᠠ ᠮᠥᠴᠢᠷ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ᠬᠤᠶᠠᠷ᠂ ᠤᠬᠠᠭᠤᠯᠤᠨ ᠳᠠᠶᠢᠴᠢᠯᠠᠬᠤ 1. ᠰᠤᠮᠤ ᠰᠢᠶᠠᠩ ᠪᠠᠯᠭᠠᠰᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠤᠯᠤᠩ᠂ ᠲᠣᠰᠬᠤᠨ ︵ᠨᠡᠶᠢᠭᠡᠮ ᠲᠣᠭᠤᠷᠢᠭ︶ ᠤ ᠤᠬᠠᠭᠤᠯᠭ᠎ᠠ ᠶᠢᠨ ᠪᠤᠯᠤᠩ᠂ ᠷᠠᠳᠢᠣ᠋ ᠨᠡᠪᠲᠡᠷᠡᠭᠦᠯᠭᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ᠂ ᠬᠠᠷᠠᠯᠲᠠ ᠡᠭᠦᠷᠭᠡ ᠪᠣᠯᠤᠨ ᠠᠵᠢᠯ ᠤᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠶ ᠣᠯᠠᠨ ᠨᠡᠶᠢᠲᠡ ᠶᠢᠨ ᠲᠠᠨᠢᠯᠲᠠ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ 2. ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠮᠤ ᠰᠢᠶᠠᠩ ᠪᠠᠯᠭᠠᠰᠤ ᠶᠢᠨ ᠰᠠᠭᠤᠭᠠᠯᠢ ᠠᠷᠠᠳ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃     ᠭᠤᠷᠪᠠ᠂ ᠪᠠᠶᠢᠴᠠᠭᠠᠨ ᠣᠶᠢᠯᠠᠭᠠᠬᠤ ᠬᠡᠮᠵᠢᠶ᠎ᠡ 1. ᠰᠤᠮᠤ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠪᠠᠶᠢᠴᠠᠭᠠᠯᠲᠠ ᠬᠢᠨ᠎ᠡ᠃ 2. ᠲᠡᠦᠬᠡ ᠶᠢᠨ ᠳᠤᠷᠠᠰᠬᠠᠯᠲᠤ ᠵᠦᠢᠯᠡᠰ ᠤᠨ ᠣᠷᠣᠨ ᠪᠠᠶᠢᠷᠢ᠂ ᠣᠳᠣᠬᠢ ᠪᠠᠶᠢᠳᠠᠯ᠂ ᠬᠠᠳᠠᠭᠠᠯᠠᠵᠤ ᠪᠠᠶᠢᠭ᠎ᠠ ᠪᠠᠶᠢᠳᠠᠯ ᠵᠡᠷᠭᠡ ᠮᠡᠳᠡᠭᠡ ᠵᠠᠩᠭᠢ ᠶᠢ ᠨᠠᠷᠢᠨ ᠲᠣᠳᠣᠷᠬᠠᠢ ᠲᠡᠮᠳᠡᠭᠯᠡᠬᠦ ᠶᠢᠨ ᠬᠠᠮᠲᠤ ᠬᠠᠮᠢᠶ᠎ᠠ ᠪᠦᠬᠦᠢ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠨ᠎ᠠ᠃ 3. ᠰᠢᠨ᠎ᠡ ᠪᠠᠷ ᠢᠯᠡᠷᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ ᠶᠢ ᠴᠠᠭ ᠲᠤᠬᠠᠶ ᠳᠤᠨᠢ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ᠎ᠡ᠃     ᠳᠥᠷᠪᠡ᠂ ᠠᠮᠤᠷ ᠲᠦᠪᠰᠢᠨ ᠤ ᠬᠠᠮᠠᠭᠠᠯᠠᠯᠲᠠ  1. ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠳᠤ ᠨᠢᠭᠡᠨᠲᠡ ᠪᠦᠷᠢᠳᠬᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠪᠠ ᠰᠢᠨ᠎ᠡ ᠪᠠᠷ ᠢᠯᠡᠷᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠭᠳᠡᠬᠦ᠂ ᠬᠤᠯᠠᠭᠠᠶᠢᠯᠠᠭᠳᠠᠬᠤ ᠪᠤᠶᠤ ᠬᠠᠤᠯᠢ ᠪᠤᠰᠤ ᠪᠠᠷ ᠬᠤᠳᠠᠯᠳᠤᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ 2. ᠲᠡᠤᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠲᠦᠷᠢᠮ ᠢ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠪᠠ ᠲᠡᠤᠬᠡ ᠶᠢᠨ ᠳᠤᠷᠠᠰᠬᠠᠯᠲᠤ ᠵᠦᠢᠯ ᠤᠨ ᠴᠡᠭ ᠢ ᠲᠣᠭᠤᠷᠢᠨ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠶ᠃ 3. ᠲᠡᠤᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠶᠢᠨ ︽ᠳᠥᠷᠪᠡ ᠪᠠᠶᠢᠬᠤ︾ ︵ᠬᠠᠮᠠᠭᠠᠯᠠᠬᠤ ᠬᠡᠪᠴᠢᠶ᠎ᠡ ᠲᠠᠢ᠂ ᠬᠠᠮᠠᠭᠠᠯᠠᠬᠤ ᠲᠡᠮᠳᠡᠭ ᠲᠠᠢ᠂ ᠲᠡᠮᠳᠡᠭ ᠲᠠᠢ ᠲᠠᠩᠰᠠ ᠡᠪᠬᠡᠮᠡᠯ ᠲᠠᠢ᠂ ᠬᠠᠳᠠᠭᠠᠯᠠᠨ ᠬᠠᠮᠢᠶᠠᠷᠬᠤ ᠪᠠᠶᠢᠭᠤᠯᠤᠮᠵᠢ ᠲᠠᠢ ᠪᠠᠶᠢᠬᠤ︶ ᠠᠵᠢᠯ ᠢ ᠰᠠᠶᠢᠲᠤᠷ ᠬᠢᠬᠦ ᠬᠡᠷᠡᠭᠲᠡᠶ᠃      ᠲᠠᠪᠤ᠂ ᠮᠡᠳᠡᠭᠡ ᠵᠠᠩᠭᠢ ᠴᠤᠭᠯᠠᠭᠤᠯᠬᠤ ᠪᠠ ᠡᠮᠬᠢᠳᠬᠡᠬᠦ 1. ᠲᠤᠰ ᠰᠤᠮᠤ ᠰᠢᠶᠠᠩ ᠪᠠᠯᠭᠠᠰᠤᠨ ᠤ ᠲᠡᠦᠬᠡ ᠶᠢᠨ ᠳᠤᠷᠠᠰᠬᠠᠯᠲᠤ ᠵᠦᠢᠯᠡᠰ ᠲᠠᠢ ᠬᠤᠯᠪᠣᠭᠳᠠᠬᠤ ᠲᠡᠦᠬᠡᠨ ᠲᠤᠯᠭᠤᠷ ᠪᠢᠴᠢᠭ᠂ ᠤᠯᠠᠮᠵᠢᠯᠠᠯ ᠶᠠᠷᠢᠶ᠎ᠠ᠂ ᠠᠷᠠᠳ ᠤᠨ ᠵᠠᠩ ᠦᠢᠯᠡ ᠵᠡᠷᠭᠡ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠯᠠᠪᠯᠠᠯᠲᠠ ᠪᠣᠯᠭᠠᠨ᠎ᠠ᠃ 2. ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠶᠠᠪᠤᠴᠠ ᠳᠤ ᠪᠤᠶ ᠪᠣᠯᠤᠭᠰᠠᠨ ᠦᠰᠦᠭ ᠪᠢᠴᠢᠭ᠂ ᠭᠡᠷᠡᠯ ᠵᠢᠷᠤᠭ ᠵᠡᠷᠭᠡ ᠮᠠᠲ᠋ᠧᠷᠢᠶᠠᠯ ᠢ ᠡᠮᠬᠢᠯᠡᠵᠦ ᠳᠠᠩᠰᠠ ᠡᠪᠬᠡᠮᠡᠯ ᠳᠤ ᠣᠷᠣᠭᠤᠯᠵᠤ᠂ ᠰᠤᠮᠤ ᠰᠢᠶᠠᠩ ᠪᠠᠯᠭᠠᠰᠤ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠩᠰᠠ ᠡᠪᠬᠡᠮᠡᠯ ᠢ ᠪᠠᠶᠢᠭᠤᠯᠤᠨ᠎ᠠ᠃      ᠵᠢᠷᠭᠤᠭ᠎ᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠵᠢᠯᠴᠠᠨ᠎ᠠ 1. ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠥᠷᠨᠢᠭᠦᠯᠦᠭᠰᠡᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠠᠵᠢᠯ ᠢ ᠢᠳᠡᠪᠬᠢᠲᠡᠶ ᠬᠠᠮᠵᠢᠯᠴᠠᠵᠤ᠂ ᠬᠠᠷᠢᠯᠴᠠᠭᠴᠢ ᠶᠢ ᠲᠣᠳᠣᠷᠬᠠᠶᠢᠯᠠᠨ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠤᠭᠤᠯᠠ ᠢᠳᠡᠬᠦ ᠪᠠ ᠨᠡᠶᠢᠳᠡᠮ ᠪᠠᠶᠢᠴᠠᠭᠠᠯᠲᠠ ᠶᠢᠨ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠲᠣᠬᠢᠷᠠᠭᠤᠯᠬᠤ ᠬᠡᠷᠡᠭᠲᠡᠶ᠃ 2. ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠰᠤᠮᠤ ᠰᠢᠶᠠᠩ ᠪᠠᠯᠭᠠᠰᠤ ᠠᠵᠢᠯᠲᠠᠨ ᠲᠣᠬᠢᠷᠠᠭᠤᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠢ ᠬᠠᠮᠵᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠪᠠ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠡᠮᠬᠢᠯᠡᠬᠦ ᠶᠢ ᠲᠦᠯᠬᠢᠨ ᠠᠬᠢᠭᠤᠯᠤᠨ᠎ᠠ᠃ ᠶᠡᠷᠦᠩᠬᠡᠶᠢᠯᠡᠪᠡᠯ᠂ ᠡᠯ᠎ᠡ ᠰᠤᠮᠤ ᠰᠢᠶᠠᠩ ᠪᠠᠯᠭᠠᠰᠤ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ᠃         ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠪᠡᠳᠦᠭᠡᠷ ᠤᠳᠠᠭᠠᠨ ᠤ ᠲᠡᠦᠬᠡ ᠶᠢᠨ ᠲᠣᠷᠠᠰᠬᠠᠯᠳᠣ ᠵᠦᠢᠯ ᠢ ᠨᠡᠶᠢᠳᠡᠮ ᠪᠠᠶᠢᠴᠠᠭᠠᠬᠤ ᠠᠵᠢᠯ ᠤᠨ ᠤᠳᠤᠷᠢᠳᠬᠤ ᠲᠣᠭᠤᠶᠢᠯᠠᠩ ᠤᠨ ᠠᠯᠪᠠᠨ ᠭᠡᠷ                          2024 ᠣᠨ ᠤ 8 ᠰᠠᠷ᠎ᠠ ᠶᠢᠨ 30 ᠤ ᠡᠳᠦᠷ                        ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ           ᠣᠷᠴᠢᠭᠤᠯᠣᠨᠨᠴᠢ᠄  ᠭᠧ ᠲᠣᠸᠠᠨ ᠯᠢᠶᠡᠨ        
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号