ᠬᠤᠰᠢᠭᠤᠨ ᠬᠠᠷᠢᠶ᠎ᠠ ᠬᠠᠮᠢᠶ᠎ᠠ ᠪᠦᠬᠦᠢ ᠨᠢᠭᠡᠴᠡ᠄ | ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠪᠥᠬᠦ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠤᠳᠤᠯᠤᠨ | ᠲᠣᠭᠲᠠᠭᠠᠬᠤ ᠪᠠᠷ ᠳᠡᠮᠵᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠰᠬᠠᠶ | ᠠᠩᠭᠢ ᠪᠠᠶᠢᠭᠤᠯᠵᠤ᠂ ᠲᠣᠰ ᠡᠳᠦᠷ ᠠᠴᠠ ᠡᠬᠢᠯᠡᠨ 2 ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠬᠤᠰᠢᠭᠤᠨ ᠤ | ᠬᠡᠪᠴᠢᠶᠡᠨ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ | ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠪᠦᠷᠢᠯᠳᠦᠬᠦᠨ᠄ | ᠳᠤᠭᠤᠶᠢᠯᠠᠩ ᠤᠨ ᠳᠠᠷᠤᠭ᠎ᠠ᠄ ᠳ᠋ᠦᠩ ᠰᠢᠤᠸᠠᠢ ᠴᠢᠩ ᠬᠤᠰᠢᠭᠤᠨ ᠤ ᠵᠠᠰᠠᠭ ᠤᠨ ᠣᠷᠳᠣᠨ ᠤ | ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠳᠡᠳ᠋ ᠳᠤᠭᠤᠶᠢᠯᠠᠩ ᠤᠨ ᠳᠠᠷᠤᠭ᠎ᠠ᠄ ᠸᠠᠩ ᠵᠧᠩ ᠲᠦᠩ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠬᠡᠷ ᠤᠨ ᠳᠡᠳ᠋ ᠡᠷᠬᠢᠯᠡᠭᠴᠢ | ᠵᠠᠩ ᠴᠤᠤ ᠬᠤᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠡ ᠶᠢᠨ ᠲᠣᠪᠴᠢᠶᠠᠨ ᠳᠠᠷᠤᠭ᠎ᠠ | ᠭᠡᠰᠢᠭᠦᠨ᠄ ᠵᠠᠩ ᠬᠠᠶ ᠺᠤᠸᠠᠨ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠲᠥᠪ ᠤᠨ ᠡᠷᠬᠢᠯᠡᠭᠴᠢ | ᠬᠥᠩ ᠰᠢᠶᠤᠤ ᠹᠸᠢ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ | ᠳᠠᠷᠤᠭ᠎ᠠ | ᠼᠦᠢ ᠮᠧᠩ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ | ᠠᠩᠭᠢ ᠶᠢᠨ ᠳᠠᠷᠤᠭ᠎ᠠ | ᠪᠠᠶᠠᠨᠪᠢᠯᠢᠭ᠌ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ | ᠬᠤᠶᠠᠷ᠂ ᠬᠤᠯᠪᠣᠭᠳᠠᠯ ᠪᠦᠬᠦᠢ ᠵᠦᠢᠯᠡᠰ | ︵ᠨᠢᠭᠡ︶᠂ ᠠᠵᠢᠯ ᠤᠨ ᠲᠤᠰᠬᠠᠶ ᠠᠩᠭᠢ ᠶᠢᠨ ᠭᠤᠤᠯ ᠡᠭᠦᠷᠭᠡ ᠬᠠᠷᠢᠭᠤᠴᠠᠯᠭ᠎ᠠ᠄ ᠠᠮᠤᠷ ᠲᠦᠪᠰᠢᠨ ᠤ ᠳᠠᠯᠳᠠ | ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠠᠮᠢᠶ᠎ᠠ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠪᠦᠬᠦ ᠬᠤᠰᠢᠭᠤᠨ ᠤ ᠡᠯ᠎ᠡ ᠪᠠᠷᠢᠯᠭ᠎ᠠ ᠶᠢᠨ ᠢᠨᠵᠧᠨᠧᠷᠢᠩ ᠤᠨ ᠪᠠᠶᠢᠭᠤᠯᠵᠤ ᠪᠠᠶᠢᠭ᠎ᠠ | ᠲᠥᠷᠥᠯ ᠵᠦᠢᠯ᠂ ᠰᠢᠲᠠᠮᠠᠬᠠᠶ ᠬᠡᠢ ︵ᠪᠠᠶᠢᠭᠠᠯᠢ ᠶᠢᠨ ᠰᠢᠲᠠᠮᠠᠬᠠᠶ ᠬᠡᠢ ᠶᠢᠨ ᠬᠡᠢ ᠨᠡᠮᠡᠬᠦ ᠦᠷᠲᠡᠭᠡ ᠵᠡᠷᠭᠡ ᠪᠠᠭᠲᠠᠨ᠎ᠠ︶᠃ | ᠴᠠᠬᠢᠯᠭᠠᠨ ᠴᠡᠨᠡᠭᠯᠡᠬᠦ ᠪᠠᠭᠠᠨ᠎ᠠ᠂ ᠬᠠᠭᠤᠴᠢᠨ ᠰᠠᠭᠤᠭᠠᠯᠢ ᠲᠣᠭᠤᠷᠢᠭ ᠤᠨ ᠣᠷᠣᠨ ᠰᠠᠭᠤᠴᠠ᠂ ᠰᠠᠭᠤᠭᠠᠯᠢ ᠲᠣᠭᠤᠷᠢᠭ ᠤᠨ | ᠳᠣᠲᠣᠷ᠎ᠠ᠂ ᠠᠰᠠᠷ ᠤᠨ ᠬᠤᠩᠭᠢᠯ ᠤᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠳᠤ ᠣᠷᠣᠰᠢᠵᠤ ᠪᠠᠶᠢᠭ᠎ᠠ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠣᠯᠠᠨ ᠲᠦᠮᠡᠨ ᠤ ᠰᠠᠶᠢᠨ ᠰᠠᠶᠢᠬᠠᠨ | ᠠᠮᠤᠷ ᠠᠮᠤᠭᠤᠯᠠᠩ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠳᠣᠯᠠᠨ᠎ᠠ᠃ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ | ᠪᠠᠷᠢᠯᠭ᠎ᠠ ᠶᠢᠨ ᠢᠨᠵᠧᠨᠧᠷᠢᠩ ᠤᠨ ᠪᠠᠶᠢᠭᠤᠯᠵᠤ ᠪᠠᠶᠢᠭ᠎ᠠ ᠲᠥᠷᠥᠯ ᠵᠦᠢᠯ᠂ ᠰᠢᠲᠠᠮᠠᠬᠠᠶ ᠬᠡᠶ ︵ᠪᠠᠶᠢᠭᠠᠯᠢ ᠶᠢᠨ ᠰᠢᠲᠠᠮᠠᠬᠠᠶ | ᠬᠡᠶ ᠶᠢᠨ ᠬᠡᠶ ᠨᠡᠮᠡᠬᠦ ᠥᠷᠲᠡᠭᠡ ᠪᠠᠭᠲᠠᠨ᠎ᠠ︶᠂ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ᠳᠤ ᠣᠷᠣᠰᠢᠵᠤ ᠪᠠᠶᠢᠭ᠎ᠠ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠠᠶᠢᠴᠠᠭᠠᠨ ᠵᠢᠭᠰᠠᠭᠠᠬᠤ ᠡᠬᠡ ᠲᠠᠩᠰᠠ | ᠪᠠᠶᠢᠭᠤᠯᠤᠨ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠵᠠᠰᠠᠬᠤ ᠬᠡᠷᠡᠭᠲᠡᠶ᠃ | ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠡᠯ᠎ᠡ ᠬᠠᠭᠤᠴᠢᠨ | ᠰᠠᠭᠤᠭᠠᠯᠢ ᠲᠣᠭᠤᠷᠢᠭ ᠤᠨ ᠬᠡᠷ ᠪᠠᠶᠢᠰᠢᠩ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ | ᠪᠠᠶᠢᠴᠠᠭᠠᠨ ᠵᠢᠭᠰᠠᠭᠠᠵᠤ᠂ ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠤᠨ᠂ ᠠᠰᠠᠭᠤᠳᠠᠯ ᠢ ᠢᠯᠡᠷᠡᠭᠦᠯᠪᠡᠯ ᠴᠠᠭ | ᠲᠤᠬᠠᠶ ᠳᠤᠨᠢ ᠴᠡᠭᠴᠡᠯᠡᠨ ᠵᠠᠰᠠᠬᠤ ᠬᠡᠷᠡᠭᠲᠡᠶ᠃ | ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠰᠠᠭᠤᠭᠠᠯᠢ ᠲᠣᠭᠤᠷᠢᠭ ᠤᠨ ᠳᠣᠲᠣᠷ᠎ᠠ ᠡᠯᠳᠡᠪ ᠪᠣᠳᠠᠰ | ᠣᠪᠣᠭᠠᠯᠠᠬᠤ᠂ ᠠᠰᠠᠷ ᠤᠨ ᠬᠤᠩᠭᠢᠯ ᠳᠤ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠬᠤ᠂ ᠤᠲᠠᠰᠤ ᠪᠠᠷ ᠴᠠᠬᠢᠯᠭᠠᠨ ᠴᠡᠨᠡᠭᠯᠡᠬᠦ | ᠵᠡᠷᠭᠡ ᠲᠠᠯ᠎ᠠ ᠪᠠᠷ ᠪᠠᠶᠢᠴᠠᠭᠠᠨ ᠵᠢᠭᠰᠠᠭᠠᠵᠤ᠂ ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠤᠨ᠂ ᠠᠰᠠᠭᠤᠳᠠᠯ ᠢ ᠣᠯᠵᠤ | ᠮᠡᠳᠡᠪᠡᠯ ᠴᠠᠭ ᠲᠤᠬᠠᠶ ᠳᠤᠨᠢ ᠴᠡᠭᠴᠡᠯᠡᠨ ᠵᠠᠰᠠᠬᠤ ᠬᠡᠷᠡᠭᠲᠡᠶ᠃ | ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠡᠯ᠎ᠡ ᠰᠠᠯᠠᠭ᠎ᠠ ᠮᠥᠴᠢᠷ ᠲᠠᠢ | ᠦᠨᠡᠨ ᠬᠦ ᠬᠠᠮᠵᠢᠯᠴᠠᠨ ᠪᠠᠶᠢᠳᠠᠯ ᠢ ᠣᠶᠢᠯᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠬᠦ ᠬᠡᠷᠡᠭᠲᠡᠶ᠃ | ︵ᠬᠤᠶᠠᠷ︶ ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ᠢ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠳᠣᠭᠢᠷᠠᠭᠤᠯᠵᠤ᠂ ᠠᠵᠢᠯ ᠤᠨ ᠲᠤᠰᠬᠠᠶ ᠠᠩᠭᠢ ᠶᠢᠨ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠴᠣᠤ ᠬᠤᠶ | ᠨᠥᠬᠦᠷ ᠬᠠᠪᠰᠤᠷᠭᠠᠨ ᠡᠭᠦᠷᠭᠡᠯᠡᠵᠦ᠂ ᠪᠦᠷᠢᠯᠳᠦᠬᠦᠨ ᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠤᠪᠢᠳᠠᠨ | ᠬᠠᠮᠢᠶᠠᠷᠬᠤ ᠤᠳᠤᠷᠢᠳᠤᠯᠭ᠎ᠠ ᠪᠠ ᠲᠤᠬᠠᠶᠢᠯᠠᠭᠰᠠᠨ ᠠᠵᠢᠯ ᠤᠨ ᠲᠠᠰᠤᠭ ᠤᠨ ᠭᠤᠤᠯ ᠬᠠᠷᠢᠭᠤᠴᠠᠯᠭᠠᠲᠠᠨ ᠡᠭᠦᠷᠭᠡᠯᠡᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ︽ᠨᠢᠭᠡ ᠭᠠᠵᠠᠷ ᠤᠨ ᠬᠥᠭᠵᠢᠯᠲᠡ ᠶᠢ | ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠢ ᠬᠠᠮᠢᠶᠠᠷᠬᠤ | ᠪᠣᠯ ᠳᠠᠷᠤᠢ ᠠᠮᠤᠷ ᠲᠦᠪᠰᠢᠨ ᠢ ᠬᠠᠮᠢᠶᠠᠷᠬᠤ᠂ ᠠᠮᠤᠷ ᠲᠦᠪᠰᠢᠨ ᠢ ᠬᠠᠮᠢᠶᠠᠷᠬᠤ ᠪᠣᠯ ᠳᠠᠷᠤᠢ ᠲᠣᠭᠲᠠᠭᠤᠨ ᠢ ᠬᠠᠮᠢᠶᠠᠷᠬᠤ | ᠱᠠᠭᠠᠷᠳᠠᠯᠭ᠎ᠠ ᠪᠣᠯᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ | ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠭᠤᠣᠯᠳᠠᠯᠭ᠎ᠠ ᠲᠠᠢ ᠪᠣᠭᠤᠮᠲᠠ ᠰᠢᠪᠲᠤᠯᠵᠤ᠂ ᠬᠦᠨᠳᠦ ᠶᠡᠭᠡ ᠠᠮᠤᠷ | ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠬᠦᠴᠦᠯᠡᠨ ᠴᠢᠩᠭᠠᠳᠬᠠᠵᠤ᠂ ᠠᠮᠤᠷ ᠲᠦᠪᠰᠢᠨ ᠢ ᠬᠠᠮᠲᠤᠪᠠᠷ | ᠵᠠᠰᠠᠬᠤ ᠲᠡᠭᠦᠯᠳᠡᠷᠵᠢᠭᠰᠡᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ | 2024 ᠣᠨ ᠤ 1 ᠰᠠᠷ᠎ᠠ ᠶᠢᠨ 30 ᠤ ᠡᠳᠦᠷ | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠢᠳᠡᠳ ᠰᠦᠯᠵᠢᠶ᠎ᠡ | ᠣᠷᠴᠢᠭᠤᠯᠣᠨᠨᠴᠢ᠄ ᠭᠧ ᠲᠣᠸᠠᠨ ᠯᠢᠶᠡᠨ | |