ᠡᠯ᠎ᠡ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠡᠯ᠎ᠡ ᠵᠥᠪᠯᠡᠯ᠂ | ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ | ᠳᠤᠮᠳᠠ᠂ ᠮᠠᠨ ᠤ ᠬᠤᠰᠢᠭᠤ ᠨᠢᠭᠡ ᠪᠦᠯᠦᠭ ᠡᠷᠲᠡᠨ ᠤ ᠪᠠᠭᠤᠷᠢ᠂ ᠡᠷᠲᠡᠨ ᠤ ᠣᠩᠭᠤᠨ᠂ ᠡᠷᠲᠡᠨ ᠤ ᠪᠠᠷᠢᠯᠭ᠎ᠠ᠂ ᠴᠢᠯᠠᠭᠤᠨ | ᠰᠡᠶᠢᠯᠦᠮᠡᠯ ᠵᠢᠴᠢ ᠣᠶᠢᠷ᠎ᠠ ᠦᠶ᠎ᠡ ᠶᠢᠨ ᠴᠢᠬᠤᠯᠠ ᠲᠡᠤᠬᠡᠨ ᠤᠯᠠ ᠮᠦᠷ ᠵᠢᠴᠢ ᠲᠥᠯᠥᠭᠡᠯᠡᠬᠦ ᠴᠢᠨᠠᠷᠲᠠᠶ ᠪᠠᠷᠢᠯᠭ᠎ᠠ ᠶᠢ | ᠢᠯᠡᠷᠡᠭᠦᠯᠪᠡ᠃ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠥᠬᠦ ᠬᠤᠰᠢᠭᠤᠨ ᠤ ᠲᠡᠦᠬᠡ | ᠰᠣᠶᠣᠯ ᠤᠨ ᠥᠪ ᠢ ᠦᠨᠡᠨ ᠬᠦ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠤᠯᠤᠰ ᠤᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶ᠎ᠠ ᠶᠢᠨ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠲᠠᠷᠠᠭᠠᠴᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ | ᠰᠠᠶᠢᠲᠤᠷ ᠬᠢᠬᠦ ᠲᠤᠬᠠᠶ ᠮᠡᠳᠡᠭᠳᠡᠯ︾ ︵ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠲᠤᠯᠠᠭ᠎ᠠ ᠪᠢᠴᠢᠭ ︹2012︺ | 148 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ | ᠰᠣᠶᠣᠯ ᠤᠨ ᠲᠢᠩᠬᠢᠮ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠤᠨ ᠬᠠᠮᠢᠶ᠎ᠠ ᠪᠥᠬᠦᠶ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠨ | ᠲᠣᠭᠲᠠᠭᠠᠬᠤ ᠪᠠᠷ ᠳᠡᠮᠵᠢᠨ᠂ ᠪᠥᠬᠦ ᠬᠤᠰᠢᠭᠤᠨ ᠤ ᠭᠤᠷᠪᠠᠳᠤᠭᠠᠷ ᠤᠳᠠᠭᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠳᠤ ᠮᠠᠭᠠᠳᠯᠠᠨ ᠲᠣᠭᠲᠠᠭᠠᠭᠰᠠᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ | ᠵᠦᠢᠯᠡᠰ ᠤᠨ ᠨᠡᠷᠡᠰ ᠤᠨ ᠲᠡᠮᠳᠡᠭᠯᠡᠯ ︵ᠨᠡᠶᠢᠲᠡ 296 ᠭᠠᠵᠠᠷ︶ ᠢ ᠨᠡᠶᠢᠲᠡᠯᠡᠪᠡ᠃ ᠡᠯ᠎ᠡ ᠨᠢᠭᠡᠴᠡ᠂ ᠡᠯ᠎ᠡ ᠰᠠᠯᠠᠭ᠎ᠠ | ᠮᠥᠴᠢᠷ ᠤᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠬᠠᠤᠯᠢ︾ ᠪᠣᠯᠤᠨ ︽ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ 〔2005〕42 ᠳ᠋ᠤᠭᠠᠷ ᠲᠣᠭᠠᠲᠤ︶ ᠤᠨ ᠲᠣᠭᠲᠠᠭᠠᠯ ᠢ ᠴᠢᠩᠭ᠎ᠠ | ᠵᠢᠷᠤᠮᠯᠠᠨ᠂ ︽ᠬᠠᠮᠠᠭᠠᠯᠠᠬᠤ ᠪᠠᠷ ᠭᠤᠤᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠶ | ᠠᠰᠢᠭᠯᠠᠬᠤ᠂ ᠬᠠᠮᠢᠶᠠᠷᠤᠯᠲᠠ ᠪᠠᠨ ᠴᠢᠩᠭᠠᠳᠬᠠᠬᠤ︾ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠦᠨᠳᠦᠰᠦᠨ | ᠴᠢᠭᠯᠡᠯᠲᠡ ᠶᠢ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠷᠢᠶ᠎ᠠ | ᠣᠷᠣᠨ ᠤ ᠪᠠᠨ ᠳᠣᠲᠣᠷᠠᠬᠢ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ ᠪᠣᠯᠤᠨ | ᠬᠠᠮᠠᠭᠠᠯᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2024 ᠣᠨ ᠤ 2 ᠰᠠᠷ᠎ᠠ ᠶᠢᠨ 28 ᠤ ᠡᠳᠦᠷ | | | | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | |