ᠲᠣᠰᠬᠠᠢ ᠰᠣᠷᠪᠣᠯᠵᠢᠯᠠᠭ᠎ᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠡ ᠶᠢᠨ ᠳᠣᠯᠣᠳᠤᠭᠠᠷ ᠪᠥᠬᠦᠳᠡ ᠬᠤᠷᠠᠯ
ᠨᠡᠶᠢᠲᠡᠯᠡᠭᠰᠡᠨ ᠴᠠᠭ᠄
2024/9/5
   

       ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤ ᠴᠧᠩ ᠽᠢ ᠰᠢᠶᠠᠩ ᠤᠨ ᠨᠠᠮ ᠤᠨ ᠬᠤᠷᠢᠶᠠᠨ ᠤ

ᠱᠦᠵᠢ ᠰᠡᠴᠡᠩᠭᠤᠸ᠎ᠠ᠄ ︽ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ

ᠳᠣᠯᠣᠳᠤᠭᠠᠷ ᠪᠥᠬᠦᠳᠡ ᠬᠤᠷᠠᠯ ᠪᠣᠯ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠨᠠᠮ ᠤᠨ ᠬᠤᠷᠢᠳᠤᠭᠠᠷ

ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠢ ᠭᠦᠨᠵᠡᠭᠡᠶ ᠲᠤᠭᠤᠰᠢᠯᠠᠭᠤᠯᠵᠤ᠂ ᠬᠦᠴᠦ ᠪᠠᠨ ᠲᠥᠪᠯᠡᠷᠡᠭᠦᠯᠦᠨ

ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ

ᠤᠳᠠᠭᠠᠨ ᠤ ᠴᠢᠬᠤᠯᠠ ᠬᠤᠷᠠᠯ ᠪᠣᠯᠤᠨ᠎ᠠ᠃ ᠢᠯᠠᠩᠭᠤᠶ᠎ᠠ ᠭᠤᠤ ᠱᠦᠵᠢ ᠶᠢᠨ ᠬᠢᠭᠰᠡᠨ ᠢᠯᠡᠳᠬᠡᠯ ᠨᠢ ᠳᠡᠭᠡᠷ᠎ᠡ

ᠬᠠᠭᠠᠰ ᠵᠢᠯ ᠤᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ ᠰᠢᠨ᠎ᠡ ᠪᠠᠶᠢᠳᠠᠯ ᠳᠣᠤᠷ᠎ᠠ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠡᠷᠬᠢᠨ ᠠᠬᠢᠭᠤᠯᠬᠤ ᠳᠤ ᠲᠣᠳᠣᠷᠬᠠᠶ ᠱᠠᠭᠠᠷᠳᠠᠯᠭ᠎ᠠ

ᠳᠤᠷᠠᠳᠤᠭᠰᠠᠨ ᠪᠠᠶᠢᠨ᠎ᠠ᠂ ᠡᠨᠡ ᠪᠣᠯ ᠪᠢᠳᠡᠨ ᠤ ᠬᠤᠶᠢᠰᠢᠳᠠ ᠶᠢᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ

ᠠᠵᠢᠯᠯᠠᠭᠠᠨ ᠤ ᠵᠦᠭᠯᠡᠭᠦᠷ ᠮᠥᠨ᠃ ᠲᠤ ᠴᠧᠩ ᠽᠢ ᠰᠢᠶᠠᠩ ᠤᠨ ᠺᠠᠳ᠋ᠷᠴᠤᠳ ᠪᠥᠬᠦᠳᠡ ᠬᠤᠷᠠᠯ ᠤᠨ ᠵᠣᠷᠢᠭ

ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠣᠭᠤᠰᠢᠯᠠᠭᠤᠯᠵᠦ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂

ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ

ᠨᠠᠶᠢᠳᠠᠪᠤᠷᠢᠵᠢᠭᠤᠯᠬᠤ ᠶᠢ ᠣᠳᠣᠬᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠠᠢ ᠤᠶᠠᠯᠳᠤᠭᠤᠯᠵᠤ᠂

ᠲᠠᠷᠠᠭᠠᠴᠢ ᠶᠢᠨ ᠬᠠᠭᠠᠰ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ

ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠷᠡᠬᠦ ᠵᠢᠯ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠨᠠᠷᠢᠨ

ᠨᠢᠮᠪᠠᠶ ᠲᠥᠯᠥᠪᠵᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ

ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢᠶᠠᠷ ᠵᠢᠯᠣᠭᠤᠳᠤᠮᠵᠢ

ᠪᠣᠯᠭᠠᠵᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠴᠡᠪᠡᠷᠯᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠵᠤ

ᠪᠡᠯᠴᠢᠭᠡᠷ ᠢ ᠰᠡᠷᠭᠦᠭᠡᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ

ᠦᠢᠯᠡᠰ ᠤᠨ ᠪᠠᠶᠢᠷᠢᠰᠢᠭᠤᠯᠤᠯᠲᠠ᠂ ᠲᠥᠷᠥᠯ ᠵᠦᠢᠯ ᠢ ᠲᠥᠯᠥᠪᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠣᠳᠠᠲᠠᠶ ᠶᠢ

ᠡᠷᠬᠢᠮᠯᠡᠬᠦ ᠠᠷᠭ᠎ᠠ ᠬᠡᠮᠵᠢᠶ᠎ᠡ᠂ ᠬᠠᠲᠠᠭᠤ ᠴᠢᠩᠭ᠎ᠠ ᠰᠤᠷᠲᠠᠯ ᠢᠶᠠᠷ ᠬᠤᠰᠢᠭᠤᠨ ᠤ ᠨᠠᠮ ᠤᠨ ᠬᠤᠷᠢᠶᠠᠨ ᠤ ᠡᠯ᠎ᠡ

ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠬᠠᠷ

ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ

ᠪᠠᠶᠢᠳᠠᠯ ᠢ ᠪᠣᠶ ᠪᠣᠯᠭᠠᠬᠤ ᠳᠤᠮᠳᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ︾ ᠭᠡᠪᠡ᠃

              ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号