ᠲᠣᠰᠬᠠᠢ ᠰᠣᠷᠪᠣᠯᠵᠢᠯᠠᠭ᠎ᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠡ ᠶᠢᠨ ᠳᠣᠯᠣᠳᠤᠭᠠᠷ ᠪᠥᠬᠦᠳᠡ ᠬᠤᠷᠠᠯ
ᠨᠡᠶᠢᠲᠡᠯᠡᠭᠰᠡᠨ ᠴᠠᠭ᠄
2024/9/5
   

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ

ᠡᠷᠬᠢᠯᠡᠭᠴᠢ ᠴᠠᠢ ᠬᠠᠶ ᠫᠢᠩ᠄ ︽ᠣᠶᠢᠷ᠎ᠠ ᠶᠢᠨ ᠵᠢᠯ ᠳᠤ᠂ ᠮᠠᠨ ᠤ ᠬᠤᠰᠢᠭᠤ ︿ᠬᠤᠳᠠᠯᠳᠤᠭᠠᠴᠢᠨ ᠤᠷᠢᠵᠤ ᠪᠠᠯᠠ

ᠣᠷᠣᠭᠤᠯᠬᠤ ᠶᠢ ᠠᠳᠬᠤᠬᠤ ᠪᠣᠯ ᠳᠠᠷᠤᠶ ᠠᠵᠤ ᠠᠬᠤᠶ ᠶᠢᠨ ᠬᠥᠭᠵᠢᠯᠲᠡ ᠶᠢ ᠠᠳᠬᠤᠵᠦ ᠪᠠᠶᠢᠭ᠎ᠠ ᠶᠠᠪᠤᠳᠠᠯ ᠮᠥᠨ﹀

ᠭᠡᠬᠦ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠮᠠᠨ ᠤ ᠣᠲᠣ ᠶᠢᠨ ᠠᠵᠤ ᠦᠢᠯᠡᠰ ᠤᠨ

ᠰᠠᠭᠤᠷᠢ ᠶᠢᠨ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ

ᠴᠢᠩᠭᠠᠳᠬᠠᠬᠤ ᠲᠥᠷᠥᠯ ᠵᠦᠢᠯ ᠢ ᠶᠡᠭᠡ ᠪᠠᠷ ᠣᠷᠣᠭᠤᠯᠤᠨ ᠠᠪᠴᠢᠷᠠᠵᠤ᠂ ᠮᠠᠨ ᠤ ᠣᠲᠣ ᠶᠢᠨ ᠠᠵᠤ ᠦᠢᠯᠡᠰ ᠤᠨ

ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠬᠦᠭᠡᠪᠦᠷ ᠪᠠᠯᠭᠠᠰᠤ ᠪᠠᠷ ᠲᠦᠪ

ᠪᠤᠯᠭᠠᠵᠦ᠂ ᠲᠦ᠋ ᠴᠧᠩ ᠽᠢ ᠰᠢᠶᠠᠩ᠂ ᠤᠰᠤᠲᠤ ᠪᠠᠯᠭᠠᠰᠦ ᠨᠢ ᠪᠦᠬᠦ ᠬᠤᠰᠢᠭᠤ ᠶᠢ ᠨᠦᠯᠦᠭᠡᠯᠡᠵᠦ ᠪᠠᠶᠢᠭ᠎ᠠ ︽ᠨᠢᠭᠡ

ᠲᠦᠪ ᠬᠤᠶᠠᠷ ᠱᠤᠭᠤᠮ ᠭᠤᠷᠪᠠᠯᠵᠢᠨ ᠬᠤᠶᠢᠭ︾ ᠤᠨ ᠬᠦᠮᠦᠷᠭᠡ ᠶᠢᠨ ᠦᠢᠯᠡᠴᠢᠯᠡᠭᠡᠨ ᠤ  ᠲᠤᠭᠤᠷᠢᠭ ᠢ  

ᠪᠠᠶᠢᠭᠤᠯᠤᠨ᠂ ᠲᠠᠷᠢᠶᠠᠯᠠᠩ ᠮᠠᠯ ᠠᠵᠦ ᠠᠬᠤᠢ ᠶᠢᠨ ᠬᠡᠪᠴᠢᠶᠡᠵᠢᠭᠰᠡᠨ᠂ ᠡᠷᠴᠢᠮᠵᠢᠭᠰᠡᠨ ᠬᠦᠭᠵᠢᠯᠲᠡ ᠶᠢ

ᠲᠦᠷᠭᠡᠳᠭᠡᠪᠡ᠃ ᠬᠤᠸᠠ ᠨᠸᠡᠭ᠂ ᠬᠤᠸᠠ ᠳ᠋ᠢᠶᠠᠨ  ᠴᠠᠬᠢᠯᠭᠠᠨ ᠤ ᠵᠠᠭᠤᠨ ᠲᠦᠮᠡᠨ ᠺᠢᠯᠦᠸᠠᠲ ᠤᠨ ᠲᠡᠰ ᠤᠨ

ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠲᠠᠲᠠᠨ ᠤᠷᠤᠭᠤᠯᠵᠦ᠂ ᠪᠦᠬᠦ ᠬᠤᠰᠢᠭᠤᠨ ᠤ ᠠᠵᠦ

ᠦᠢᠯᠡᠳᠪᠦᠷᠢ ᠶᠢᠨ ᠠᠵᠦ ᠠᠬᠤᠢ ᠶᠢᠨ ᠬᠦᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃

ᠬᠤᠩᠬᠤᠷ ᠤᠨ ᠭᠤᠤ ᠶᠢ ᠲᠡᠰ ᠲᠡᠪᠰᠢᠭᠦᠯᠦᠨ ᠦᠭᠡᠷᠡᠴᠢᠯᠡᠬᠦ ᠶᠢ ᠢᠳᠡᠪᠬᠢᠲᠠᠢ ᠲᠦᠯᠬᠢᠨ ᠠᠬᠢᠭᠤᠯᠵᠦ᠂ ᠰᠤᠶᠤᠯ

ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠲᠡᠯᠭᠡᠭᠦᠷ ᠢ ᠶᠡᠬᠡᠪᠡᠷ ᠬᠦᠭᠵᠢᠭᠡᠪᠡ᠃ ᠳᠠᠷᠠᠭᠠᠴᠢ ᠶᠢᠨ ᠠᠯᠬᠤᠮ ᠳᠤ᠂ ᠪᠢᠳᠡ

ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠣᠳᠣᠬᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ

ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠠᠵᠤ

ᠦᠢᠯᠡᠰ ᠤᠨ ᠴᠢᠭᠯᠡᠯ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠢ ᠠᠳᠬᠤᠵᠦ᠂ ᠨᠢᠭᠡ ᠪᠦᠯᠦᠭ ᠰᠠᠭᠤᠷᠢ

ᠲᠠᠯᠪᠢᠬᠤ᠂ ᠠᠯᠤᠰ ᠬᠡᠲᠦ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠨᠥᠭᠡᠴᠡ ᠬᠦᠴᠦᠨ ᠢ

ᠨᠡᠮᠡᠭᠳᠡᠭᠦᠯᠬᠦ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠦᠨᠡᠨ ᠬᠦ ᠠᠳᠬᠤᠨ

ᠪᠣᠳᠠᠲᠠᠢ ᠠᠵᠢᠯᠯᠠᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ

ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠤᠷᠢᠬᠤ ᠦᠷ᠎ᠡ ᠪᠦᠲᠦᠮᠵᠢ ᠪᠠᠷ ᠬᠠᠷᠢᠭᠤᠴᠠᠯᠭ᠎ᠠ ᠡᠭᠦᠷᠭᠡᠯᠡᠨ

ᠵᠢᠳᠬᠦᠯ ᠴᠢᠷᠮᠠᠶᠢᠯᠭ᠎ᠠ ᠭᠠᠷᠭᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ

ᠡᠷᠭᠦᠨ᠎ᠡ︾ ᠭᠡᠪᠡ᠃

 

         

           ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号