ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠪᠥᠬᠦ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/9/5
    9 ᠰᠠᠷ᠎ᠠ ᠶᠢᠨ 4 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠯᠢᠦ ᠴᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃

     ᠪᠣᠯᠪᠠᠰᠤᠷᠠᠭᠤᠯᠤᠯ ᠠᠴᠠ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠪᠠᠰᠠ

ᠴᠤ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ᠂

ᠥᠭᠡᠷᠡᠴᠢᠯᠡᠯᠲᠡ ᠬᠥᠭᠵᠢᠯᠲᠡ ᠪᠠ ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃

ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠠᠵᠠ ᠲᠣᠬᠢᠶᠠᠯ ᠪᠣᠯᠭᠠᠵᠤ᠂ ᠣᠨᠣᠯ ᠤᠨ ᠬᠢᠷᠢ ᠬᠡᠮᠵᠢᠶ᠎ᠡ ᠪᠠᠨ ᠤᠯᠠᠮ

ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠰᠡᠳᠬᠢᠴᠡ ᠪᠠᠨ ᠥᠷᠭᠡᠳᠬᠡᠵᠦ᠂ ᠲᠤᠬᠠᠶᠢᠯᠠᠭᠰᠠᠨ ᠠᠵᠢᠯ ᠤᠨ ᠤᠷ᠎ᠠ

ᠴᠢᠳᠠᠪᠤᠷᠢ ᠪᠠᠨ ᠳᠡᠭᠡᠭᠰᠢᠯᠡᠭᠦᠯᠦᠨ᠂ ᠣᠨᠣᠯ ᠤᠨ ᠮᠡᠳᠡᠯᠭᠡ ᠶᠢ ᠦᠢᠯᠡᠳᠦᠯᠭᠡ ᠳᠤ ᠬᠡᠷᠡᠭᠯᠡᠵᠦ᠂ ᠬᠠᠷᠢᠶᠠᠲᠤ ᠣᠷᠣᠨ ᠤ

ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠬᠦ ᠬᠡᠷᠡᠭᠲᠡᠶ ᠭᠡᠵᠦ ᠵᠢᠭᠠᠵᠦ ᠭᠠᠷᠭᠠᠪᠠ᠃

     ᠪᠣᠯᠪᠠᠰᠤᠷᠠᠯ ᠳᠤ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠢ

ᠤᠷᠢᠵᠤ ᠬᠢᠴᠢᠶᠡᠯ ᠣᠷᠣᠭᠤᠯᠵᠤ᠂ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠬᠠᠮᠢᠶ᠎ᠠ ᠪᠥᠬᠦᠶ ᠲᠥᠷᠥ ᠶᠢᠨ

ᠪᠣᠳᠣᠯᠭ᠎ᠠ ᠶᠢᠨ ᠲᠠᠶᠢᠯᠤᠮᠵᠢ ᠬᠢᠯᠭᠡᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ

ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ

ᠰᠢᠯᠵᠢᠭᠦᠯᠦᠨ ᠠᠵᠢᠯ ᠣᠯᠭᠤᠬᠤ ᠪᠠᠶᠢᠳᠠᠯ ᠢ ᠤᠶᠢᠯᠠᠭᠠᠨ ᠵᠢᠭᠰᠠᠭᠠᠬᠤ ᠵᠡᠷᠭᠡ ᠣᠯᠠᠨ ᠵᠦᠢᠯ ᠤᠨ ᠲᠥᠷᠥ ᠶᠢᠨ

ᠪᠣᠳᠣᠯᠭ᠎ᠠ ᠶᠢ ᠲᠣᠳᠣᠷᠬᠠᠶᠢᠯᠠᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢᠨ ᠠᠵᠢᠯ ᠤᠨ ᠡᠭᠦᠷᠭᠡ

ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠡᠳᠡᠨ ᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ

ᠭᠠᠷᠲᠠᠨ ᠭᠦᠢᠴᠡᠳᠬᠡᠬᠦ ᠲᠠᠰ ᠳᠠᠷᠠᠭᠠᠯᠠᠯ ᠢ ᠨᠠᠩ ᠰᠢᠰᠲ᠋ᠧᠮ ᠲᠠᠢ ᠡᠵᠡᠮᠰᠢᠵᠦ᠂ ᠠᠵᠢᠯ ᠣᠯᠭᠤᠵᠤ ᠠᠳᠠᠯ ᠦᠢᠯᠡᠰ

ᠴᠣᠭᠴᠠᠯᠠᠬᠤ ᠦᠢᠯᠡᠴᠢᠯᠡᠭᠡ ᠶᠢ ᠬᠦᠴᠦᠷᠬᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

     ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠬᠤᠶᠠᠷ ᠡᠳᠦᠷ ᠪᠠᠶᠢᠵᠤ᠂ ᠪᠥᠬᠦ ᠬᠤᠰᠢᠭᠤᠨ ᠤ

ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠡᠯ᠎ᠡ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ

226 ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠪᠣᠯᠪᠠᠰᠤᠷᠠᠭᠤᠯᠤᠯ ᠳᠤ ᠣᠷᠣᠯᠴᠠᠵᠠᠶ᠃

            ᠰᠤᠷᠪᠤᠯᠵᠢᠯᠠᠭᠴᠢ᠄ ᠵᠠᠩ ᠰᠢᠶᠤᠤ ᠳ᠋ᠦᠩ

           ᠣᠷᠴᠢᠭᠤᠯᠣᠨᠨᠴᠢ᠄  ᠭᠧ ᠲᠣᠸᠠᠨ ᠯᠢᠶᠡᠨ

         

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号