ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/9/5
  ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ  ᠠᠯᠬᠤᠮ  ᠲᠣᠳᠣᠷᠬᠠᠶᠢᠯᠠᠨ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠠᠳᠡᠯ ᠢ ᠢᠳᠡᠪᠬᠢᠲᠡᠶ ᠪᠠᠷ ᠤᠷᠢᠳᠴᠢᠯᠠᠨ ᠰᠡᠷᠭᠡᠶᠢᠯᠡᠵᠦ᠂ ᠪᠥᠬᠦ ᠬᠤᠰᠢᠭᠤᠨ ᠤ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠬᠦᠴᠦᠲᠡᠶ ᠪᠠᠲᠤᠯᠠᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠠᠵᠢᠯ ᠤᠨ ᠲᠣᠭᠲᠠᠴᠠ ︵ᠳᠣᠷᠣᠭᠰᠢ ︽ᠬᠠᠮᠵᠢᠯᠴᠠᠬᠤ ᠠᠵᠢᠯ ᠤᠨ ᠲᠣᠭᠲᠠᠴᠠ︾ ᠭᠡᠵᠦ ᠲᠣᠪᠴᠢᠯᠠᠨ᠎ᠠ︶ ᠶᠢ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠦᠨᠡᠨᠬᠦ ᠴᠢᠩᠭᠠᠳᠬᠠᠵᠤ᠂ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠪᠦᠲᠦᠮᠵᠢᠲᠡᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃      ᠬᠤᠶᠠᠷ᠂ ᠪᠦᠷᠢᠯᠳᠦᠬᠦᠨ ᠨᠢᠭᠡᠴᠢ      ᠬᠠᠮᠵᠢᠯᠴᠠᠬᠤ ᠠᠵᠢᠯ ᠤᠨ ᠲᠣᠭᠲᠠᠴᠠ ᠶᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠡᠷᠭᠡ 9 ᠨᠢᠭᠡᠴᠡ ᠪᠠᠷ ᠪᠦᠷᠢᠯᠳᠣᠪᠡ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠮᠵᠢᠯᠴᠠᠬᠤ ᠠᠵᠢᠯ ᠤᠨ ᠲᠣᠭᠲᠠᠴᠠ ᠶᠢ ᠰᠤᠳᠤᠯᠤᠨ ᠲᠣᠭᠲᠠᠭᠠᠬᠤ ᠪᠠᠷ ᠳᠠᠮᠵᠢᠭᠠᠳ᠂ ᠪᠦᠷᠢᠯᠳᠦᠬᠦᠨ ᠨᠢᠭᠡᠴᠡ ᠶᠢ ᠴᠠᠭ ᠲᠤᠨᠢ ᠲᠣᠬᠢᠷᠠᠭᠤᠯᠤᠨ ᠨᠡᠮᠡᠭᠳᠡᠭᠦᠯᠵᠦ ᠪᠣᠯᠤᠨ᠎ᠠ᠃      ᠬᠠᠮᠵᠢᠯᠴᠠᠬᠤ ᠠᠵᠢᠯ ᠤᠨ ᠲᠣᠭᠲᠠᠴᠠ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ ᠠᠴᠠ ᠬᠤᠷᠠᠯᠳᠤᠭᠤᠯᠤᠭᠴᠢ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠳᠡᠳ᠋ ᠬᠤᠷᠠᠯᠳᠤᠭᠤᠯᠤᠭᠴᠢ ᠶᠢᠨ ᠲᠤᠰᠢᠶᠠᠯ ᠢ ᠡᠭᠦᠷᠭᠡᠯᠡᠵᠦ᠂ ᠪᠤᠰᠤᠳ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠨ᠎ᠠ᠃ ᠬᠠᠮᠵᠢᠯᠴᠠᠬᠤ ᠠᠵᠢᠯ ᠤᠨ ᠲᠣᠭᠲᠠᠴᠠ ᠳᠤ ᠬᠤᠯᠪᠣᠭᠠᠴᠢᠨ ᠭᠠᠷᠭᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠴᠢᠳᠠᠪᠤᠷᠢ ᠶᠢᠨ ᠰᠠᠯᠠᠭ᠎ᠠ ᠲᠠᠰᠤᠭ ᠤᠨ ᠬᠤᠯᠪᠣᠭᠳᠠᠯ ᠪᠥᠬᠦᠶ ᠨᠥᠬᠦᠳ ᠢᠶᠠᠷ ᠪᠦᠷᠢᠯᠳᠦᠨ᠎ᠡ᠃ ᠬᠠᠮᠵᠢᠯᠴᠠᠬᠤ ᠠᠵᠢᠯ ᠤᠨ ᠲᠣᠭᠲᠠᠴᠠ ᠶᠢᠨ ᠠᠯᠪᠠᠨ ᠬᠡᠷ ᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠳᠣᠭᠢᠷᠠᠭᠤᠯᠵᠤ᠂ ᠡᠳᠦᠷ ᠲᠤᠲᠤᠮ ᠤᠨ ᠪᠣᠳᠠᠲᠠᠶ ᠠᠵᠢᠯ ᠢ ᠡᠭᠦᠷᠭᠡᠯᠡᠨ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠳᠡᠳ᠋ ᠲᠣᠪᠴᠢᠶᠠᠨ ᠳᠠᠷᠤᠭ᠎ᠠ ᠡᠭᠦᠷᠭᠡᠯᠡᠨ᠎ᠡ᠃      ᠭᠤᠷᠪᠠ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠨ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠲᠣᠭᠤᠰᠢᠯᠠᠭᠤᠯᠤᠨ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠠᠵᠢᠯ ᠤᠨ ᠵᠠᠷᠴᠢᠮ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠪᠣᠯᠤᠨ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠠᠳᠬᠤᠨ᠎ᠠ᠃      ︵ᠬᠤᠶᠠᠷ︶ ᠲᠣᠭᠲᠠᠮᠠᠯ ᠬᠤᠭᠤᠴᠠᠭ᠎ᠠ ᠲᠠᠢ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠰᠤᠳᠤᠯᠤᠨ ᠵᠠᠳᠠᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠵᠦ᠂ ᠠᠬᠢᠭᠤᠯᠬᠤ ᠠᠵᠢᠯ ᠤᠨ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠪᠠ᠃      ︵ᠭᠤᠷᠪᠠ︶ ᠪᠥᠬᠦ ᠬᠤᠰᠢᠭᠤᠨ ᠤ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃      ︵ᠲᠦᠷᠪᠡ︶  ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠥᠬᠡᠶ ᠬᠠᠮᠢᠶ᠎ᠠ ᠪᠥᠬᠦᠶ ᠬᠠᠷᠢᠭᠤᠴᠠᠯᠭᠠᠲᠠᠨ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ︵ᠲᠠᠪᠤ︶ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠪᠤᠰᠤᠳ ᠲᠠᠯ᠎ᠠ ᠶᠢᠨ ᠠᠵᠢᠯ᠃      ᠳᠥᠷᠪᠡ᠂ ᠬᠠᠷᠢᠭᠤᠴᠠᠯᠭ᠎ᠠ ᠶᠢᠨ ᠬᠤᠪᠢᠶᠠᠷᠢᠯᠠᠯ      ︵ᠨᠢᠭᠡ︶ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠳᠠᠩᠰᠠᠯᠠᠭᠤᠯᠬᠤ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠮᠤᠷ ᠲᠦᠪᠰᠢᠨ ᠤ ᠬᠥᠮᠦᠵᠢᠯ ᠪᠠ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠵᠣᠯ ᠵᠢᠷᠭᠠᠯ ᠤᠨ ᠬᠦᠷᠢᠶᠡᠯᠡᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠠᠷᠢᠭᠤᠴᠠᠨ᠎ᠠ᠃ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠢ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠤᠨ ᠬᠢᠨ ᠢ ᠰᠢᠮᠳᠠᠭᠤᠯᠵᠤ ᠪᠠᠶᠢᠭᠠᠳ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾᠂ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠷᠭ᠎ᠠ︾ ᠶᠢ ᠨᠠᠶᠢᠳᠠᠪᠤᠷᠢᠵᠢᠭᠤᠯᠵᠤ᠂ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢ ᠦᠨᠳᠦᠰᠦᠯᠡᠨ᠂ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠵᠦᠶ ᠵᠣᠬᠢᠰᠲᠠᠶ ᠮᠠᠭᠠᠳᠯᠠᠨ ᠲᠣᠭᠲᠠᠭᠠᠵᠤ᠂ ᠴᠠᠭ ᠲᠤᠬᠠᠶ ᠳᠤᠨᠢ ᠠᠷᠢᠯᠭᠠᠬᠤ ᠶᠢᠨ ᠬᠠᠮᠲᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ᠎ᠡ᠃      ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢᠨ ᠳᠡᠮᠵᠢᠯᠭᠡ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠦᠷ᠎ᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠨ᠎ᠠ᠃      ︵ᠭᠤᠷᠪᠠ︶ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢᠨ ᠪᠠᠷᠢᠯᠭ᠎ᠠ ᠳᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠭᠠᠯ ᠤᠨᠲᠠᠷᠠᠭᠠᠬᠤ ᠬᠢᠨᠠᠨ ᠰᠢᠯᠭᠠᠬᠤ ᠠᠵᠢᠯ ᠢ ᠬᠠᠤᠯᠢ ᠶᠣᠰᠣᠭᠠᠷ ᠬᠢᠵᠦ᠂ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠪᠠᠯ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢ ᠰᠢᠪᠠᠳᠠᠨ ᠵᠢᠯᠣᠭᠤᠳᠴᠤ ᠪᠠᠶᠢᠭᠠᠳ ᠬᠢᠷᠢ ᠬᠡᠮ ᠲᠠᠢ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠤᠷᠢᠨ ᠬᠡᠷᠡᠭᠯᠡᠭᠦᠯᠬᠦ ᠶᠢᠨ ᠬᠠᠮᠲᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠭᠠᠷᠭᠠᠵᠤ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠦᠨᠳᠦᠰᠦᠯᠡᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠣᠭᠲᠠᠭᠠᠬᠤ ᠶᠢᠨ ᠬᠠᠮᠲᠤ ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠳᠤ ᠬᠢᠨᠠᠯᠲᠠ ᠲᠠᠯᠪᠢᠨ᠎ᠠ᠃ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ᠂ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠲᠥᠷᠥᠯ ᠵᠦᠢᠯ ᠤᠨ ᠥᠭᠡᠷᠡᠴᠢᠯᠡᠯᠲᠡ ᠶᠢᠨ ᠠᠮᠤᠷ ᠲᠦᠪᠰᠢᠨ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ᠃      ︵ᠳᠥᠷᠪᠡ︶  ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ︽ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠪᠠᠶᠢᠭᠤᠯᠤᠮᠵᠢ ᠶᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠨᠠᠰᠤᠵᠢᠯ ᠤᠨ ᠲᠠᠷᠬᠠᠭᠠᠭᠰᠠᠨ ﹇2019﹈ 17 ᠳ᠋ᠤᠭᠠᠷ ᠲᠣᠭᠠᠲᠤ︶ ᠨᠠᠰᠣᠵᠢᠯ ᠤᠨ ᠪᠠᠢᠭᠤᠯᠥᠮᠵᠢ ᠨᠢ ᠡᠮᠴᠢᠯᠡᠭᠡᠨ ᠤ ᠪᠠᠢᠭᠤᠯᠥᠮᠵᠢ ᠪᠠᠢᠭᠤᠯᠬᠤ ᠶᠢᠨ ᠬᠢᠨᠡᠨ ᠵᠦᠪᠰᠢᠶᠡᠷᠡᠵᠦ ᠳᠡᠩᠰᠡᠯᠠᠬᠤ ᠶᠢ ᠰᠠᠢᠳᠣᠷ ᠬᠢᠵᠦ᠂ ᠵᠢᠯᠥᠭᠤᠳᠬᠤ᠂ ᠬᠢᠨᠡᠨ ᠬᠠᠮᠢᠶᠡᠷᠬᠤ ᠪᠠ ᠰᠢᠯᠭᠠᠨ ᠬᠢᠨᠠᠬᠤ ᠶᠢ ᠴᠢᠩᠭᠠᠳᠬᠠᠨ᠎ᠠ᠃ ᠵᠣᠯ ᠵᠢᠷᠭᠠᠯ ᠤᠨ ᠬᠦᠷᠢᠶᠡᠯᠡᠩ ᠤᠨ ᠡᠮᠴᠢᠯᠡᠭᠡᠨ ᠤ ᠦᠢᠯᠡᠴᠢᠯᠡᠭᠡ ᠶᠢ ᠪᠦᠷᠢᠨ ᠪᠦᠷᠬᠦᠬᠦᠯᠬᠦ ᠠᠵᠢᠯ ᠢ ᠰᠠᠶᠢᠳᠣᠷ ᠬᠢᠨ᠎ᠠ᠃ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃ ᠵᠣᠯ ᠵᠢᠷᠭᠠᠯ ᠤᠨ ᠬᠦᠷᠢᠶᠡᠯᠡᠩ ᠪᠤᠯᠥᠨ ᠨᠠᠰᠣᠵᠢᠯ ᠤᠨ ᠦᠢᠯᠡᠴᠢᠯᠡᠬᠡᠨ ᠤ ᠪᠠᠶᠢᠭᠤᠯᠥᠮᠵᠢ ᠶᠢᠨ ᠠᠶᠣᠯᠬᠦᠢ ᠦᠢᠯᠡᠳᠪᠦᠷᠢᠯᠡᠯ ᠤᠨ ᠡ᠊ᠨᠳᠡᠯ ᠤᠨ ᠡᠮᠴᠢᠯᠡᠭᠡᠨ ᠡᠷᠡᠬᠦᠯ ᠬᠠᠮᠠᠭᠠᠯᠠᠯ ᠤᠨ ᠠᠪᠤᠷᠡᠨ ᠲᠣᠰᠠᠯᠠᠬᠤ ᠠᠵᠢᠯ ᠢ ᠰᠠᠶᠢᠳᠣᠷ ᠬᠢᠨ᠎ᠠ᠃      ︵ᠲᠠᠪᠤ︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠬᠤᠯᠪᠣᠭᠳᠠᠯ ᠪᠦᠬᠦᠢ ᠨᠢᠭᠡᠴᠡ ᠪᠠ ᠰᠠᠯᠠᠭ᠎ᠠ ᠮᠥᠴᠢᠷ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠮᠰᠢᠭ ᠠᠴᠠ ᠵᠠᠶᠢᠯᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠪᠠ ᠠᠪᠤᠷᠠᠨ ᠲᠤᠰᠠᠯᠠᠬᠤ ᠰᠣᠷᠢᠯᠲᠠ ᠵᠡᠷᠭᠡ ᠠᠵᠢᠯ ᠢ ᠴᠢᠩᠭᠠᠳᠬᠠᠨ᠎ᠠ᠃      ︵ᠵᠢᠷᠭᠤᠭ᠎ᠠ︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ ᠤ ᠵᠠᠰᠠᠭ ᠵᠠᠬᠢᠷᠭᠠᠨ ᠤ ᠵᠥᠪᠰᠢᠶᠡᠷᠡᠯ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠲᠥᠪᠯᠡᠷᠡᠭᠦᠯᠦᠨ ᠬᠤᠭᠤᠯᠠᠯᠠᠬᠤ ᠲᠠᠯᠠᠪᠤᠷ ᠲᠤ ᠣᠷᠣᠬᠤ ᠶᠢ ᠵᠥᠪᠰᠢᠶᠡᠷᠡᠬᠦ ᠪᠠ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠤᠭᠤᠯᠠᠨ ᠬᠡᠷ ᠤᠨ ᠪᠠᠷᠢᠮᠵᠢᠶ᠎ᠠ ᠳᠤ ᠬᠦᠷᠬᠦ ᠦᠭᠡᠢ ᠶᠢ ᠨᠢ ᠬᠠᠤᠯᠢ ᠶᠣᠰᠣᠭᠠᠷ ᠠᠵᠢᠯ ᠢ ᠨᠢ ᠵᠣᠭᠰᠣᠭᠠᠵᠤ ᠴᠡᠭᠴᠡᠯᠡᠬᠦ ᠪᠤᠶᠤ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠦᠴᠦᠨ ᠥᠬᠡᠶ ᠪᠣᠯᠭᠠᠨ᠎ᠠ᠃      ︵ᠲᠤᠯᠤᠭ᠎ᠠ︶ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠄ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠲᠥᠯᠥᠪᠯᠡᠭᠡ ᠶᠢ ᠨᠤᠲᠠᠯᠠᠵᠤ᠂ ᠣᠨ ᠤ ᠲᠥᠯᠥᠪᠯᠡᠭᠡ ᠶᠢᠨ ᠬᠠᠷᠠᠯᠲᠠ ᠡᠭᠦᠷᠭᠡ ᠪᠠᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠰᠢᠮᠳᠠᠭᠤᠯᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠡᠷᠦᠬᠡ ᠶᠢᠨ ᠵᠣᠷᠯᠣᠩ ᠤᠨ ᠮᠡᠳᠡᠭᠡ ᠵᠠᠩᠭᠢ ᠶᠢ ᠣᠷᠣᠭᠤᠯᠬᠤ ᠵᠢᠴᠢ ᠬᠤᠰᠢᠭᠤ ᠰᠢᠶᠠᠨ ᠢ ᠵᠣᠬᠢᠶᠠᠨ ᠪᠠᠶᠢᠭᠤᠯᠤᠨ ᠰᠢᠯᠭᠠᠨ ᠠᠪᠤᠭᠰᠠᠨ ᠤ ᠳᠠᠷᠠᠭᠠᠬᠢ ᠬᠠᠷᠭᠤᠭᠤᠯᠤᠨ ᠪᠠᠶᠢᠴᠠᠭᠠᠬᠤ ᠠᠵᠢᠯ ᠢ ᠪᠡᠶᠡᠯᠡᠭᠦᠯᠦᠨ᠎ᠡ᠃     ︵ᠨᠠᠢᠮᠠ︶ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ᠂ ᠭᠠᠯ ᠤᠨᠲᠠᠷᠠᠭᠠᠬᠤ ᠪᠡᠯᠡᠳᠬᠡᠯ ᠲᠥᠰᠦᠯ ᠪᠠ ᠭᠠᠯ ᠤᠨᠲᠠᠷᠠᠭᠠᠬᠤ ᠬᠠᠮᠢᠶᠠᠷᠤᠯᠲᠠ ᠶᠢᠨ ᠲᠦᠷᠢᠮ ᠲᠣᠭᠲᠠᠭᠠᠬᠤ ᠶᠢ ᠵᠢᠯᠣᠭᠤᠳᠴᠤ᠂ ᠭᠠᠯ ᠤᠨᠲᠠᠷᠠᠭᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠯ ᠢ ᠴᠢᠩᠭᠠᠳᠬᠠᠨ᠎ᠠ᠃      ︵ᠶᠢᠰᠦ︶ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠄ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠲᠥᠷᠥᠯ ᠵᠦᠶ᠋ᠯ ᠤᠨ ᠴᠠᠬᠢᠯᠭᠠᠨ ᠲᠣᠤᠷ ᠤᠨ ᠪᠠᠭᠲᠠᠭᠠᠮᠵᠢ ᠶᠢ ᠨᠡᠮᠡᠭᠳᠡᠭᠦᠯᠬᠦ ᠪᠠ ᠴᠠᠬᠢᠯᠭᠠᠨ ᠲᠦᠭᠡᠭᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠠᠵᠢᠯ ᠢ ᠬᠠᠷᠢᠭᠤᠴᠠᠵᠤ᠂ ᠠᠮᠤᠷ ᠲᠦᠪᠰᠢᠨ ᠢᠶᠠᠷ ᠴᠠᠬᠢᠯᠭᠠᠨ ᠬᠠᠩᠭᠠᠬᠤ ᠶᠢ ᠪᠠᠲᠤᠯᠠᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ      ᠡᠯ᠎ᠡ ᠪᠦᠷᠢᠯᠳᠦᠬᠦᠨ ᠨᠢᠭᠡᠴᠡ ᠨᠦᠭᠦᠳ ᠬᠠᠷᠢᠯᠴᠠᠵᠤ ᠨᠡᠪᠲᠡᠷᠡᠯᠴᠡᠬᠦ ᠪᠠᠨ ᠴᠢᠩᠭᠠᠳᠬᠠᠵᠤ᠂ ᠬᠠᠷᠢᠯᠴᠠᠨ ᠳᠡᠮᠵᠢᠵᠦ᠂ ᠪᠦᠯᠬᠦᠮᠳᠡᠨ ᠬᠠᠮᠵᠢᠯᠴᠠᠬᠤ᠂ ᠵᠣᠷᠢᠭᠲᠠᠶ ᠪᠠᠷ ᠬᠠᠲᠠᠭᠤ ᠳᠠᠶᠢᠯᠠᠯᠳᠤᠭᠠᠨ ᠬᠢᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠣᠯᠬᠦᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃       ︵ᠬᠤᠶᠠᠷ︶ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ       ᠬᠠᠮᠲᠤᠷᠠᠨ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠶᠢ ᠴᠢᠩᠳᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠬᠤ ᠬᠡᠷᠡᠭᠲᠡᠶ᠃ ᠡᠭᠦᠨ ᠤ ᠬᠠᠮᠲᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ      ᠡᠯ᠎ᠡ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠲᠤᠰᠬᠠᠶ ᠠᠵᠢᠯ ᠤᠨ ᠬᠦᠷᠢᠶᠡᠨ ᠳᠠᠬᠢ ᠬᠠᠮᠢᠶᠠᠷᠤᠯᠲᠠ ᠦᠢᠯᠡᠴᠢᠯᠡᠭᠡᠨ ᠤ ᠤᠷ᠎ᠠ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠶᠤᠯᠬᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠪᠠ ᠰᠦᠷᠳᠡᠭᠦᠯᠬᠦ ᠬᠦᠴᠦᠨ ᠢ ᠴᠢᠷᠮᠠᠶᠢᠨ ᠪᠣᠶ ᠪᠣᠯᠭᠠᠵᠤ᠂ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠳᠠᠯᠳᠠ ᠬᠡᠮ ᠤᠨ ᠠᠷᠬᠠᠭ ᠬᠡᠮ ᠢ ᠡᠷᠡᠰ ᠠᠷᠢᠯᠭᠠᠬᠤ ᠬᠡᠷᠡᠭᠲᠡᠶ᠃                          2024 ᠣᠨ ᠤ 7 ᠰᠠᠷ᠎ᠠ ᠶᠢᠨ 2 ᠤᠨ ᠡᠳᠦᠷ                ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ       ᠣᠷᠴᠢᠭᠤᠯᠣᠨᠨᠴᠢ᠄  ᠭᠧ ᠲᠣᠸᠠᠨ ᠯᠢᠶᠡᠨ        
 
ᠢᠷᠡᠯᠲᠡ᠄ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号