| 1 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠠᠩ ᠯᠢ ᠮᠧᠶ ᠬᠡᠰᠡᠭ ᠠᠵᠤ ᠠᠬᠤᠶᠢᠯᠠᠯ᠂ ᠰᠠᠭᠤᠭᠠᠯᠢ ᠠᠷᠠᠳ ᠤᠨ ᠲᠣᠭᠤᠷᠢᠭ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠵᠢᠱᠢᠭᠳᠡᠭᠴᠢ ᠯᠢ ᠶᠢᠨ ᠢ | ᠣᠷᠣᠯᠴᠠᠵᠠᠶ᠃ | | | | | ᠶᠠᠩ ᠯᠢ ᠮᠧᠢ ᠨᠠᠷ ᠤᠷᠢᠳ ᠬᠤᠵᠢᠳ ᠸᠧᠢ ᠰᠧ ᠲᠧ ᠰᠢᠲᠠᠮᠠᠬᠠᠢ ᠬᠡᠢ ᠶᠢᠨ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠤᠪᠢᠶᠠᠷᠢ ᠺᠣᠮᠫᠠᠨᠢ᠂ ᠴᠢᠨ ᠶᠤᠸᠠᠨ ᠬᠠᠶᠢᠯᠤᠰᠢ ᠶᠢᠨ ᠬᠢᠵᠠᠭᠠᠷᠲᠤ ᠺᠣᠮᠫᠠᠨᠢ᠂ ᠪᠠᠷᠠᠭᠤᠨ | ᠬᠤᠶᠢᠲᠤ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠪᠠᠢ ᠲᠧ ᠲᠡᠮᠦᠷᠯᠢᠭ ᠬᠠᠶᠢᠯᠤᠭᠤᠯᠬᠤ | ᠬᠢᠵᠠᠭᠠᠷᠲᠤ ᠺᠣᠮᠫᠠᠨᠢ᠂ ᠬᠥᠬᠡᠪᠦᠷ ᠪᠠᠯᠭᠠᠰᠤᠨ ᠤ ᠷᠦᠢ ᠰᠢᠶᠠᠩ ᠶᠤᠸᠠᠨ ᠰᠠᠭᠤᠭᠠᠯᠢ ᠲᠣᠭᠤᠷᠢᠭ ᠵᠡᠷᠭᠡ ᠭᠠᠵᠠᠷ ᠲᠤ | ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠢᠲᠠᠮᠠᠬᠠᠢ ᠬᠡᠢ ᠶᠢᠨ ᠬᠦᠷᠢᠶᠡᠨ ᠤ ᠠᠶᠤᠯᠭᠦᠢ | ᠦᠢᠯᠡᠳᠪᠦᠷᠢᠯᠡᠯ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠲᠤᠰᠬᠠᠢ ᠪᠠᠶᠢᠴᠠᠭᠠᠯᠲᠠ ᠵᠡᠷᠭᠡ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠪᠡ᠃ | | | | | ᠶᠠᠩ ᠯᠢ ᠮᠧᠢ᠂ ᠠᠶᠤᠯᠭᠦᠢ ᠦᠢᠯᠡᠳᠪᠦᠷᠢᠯᠡᠯ ᠤᠨ ᠠᠵᠢᠯ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠨ᠎ᠠ᠂ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠪᠦᠬᠦ ᠠᠵᠢᠯᠳᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠡᠷᠡᠰ ᠪᠠᠲᠤ ᠰᠠᠬᠢᠬᠤ | ᠬᠡᠷᠡᠭᠲᠡᠢ᠃ ︽ᠴᠠᠭᠠᠨ ᠰᠠᠷ᠎ᠠ︾ ᠣᠶᠢᠷᠠᠳᠴᠤ᠂ ᠠᠮᠤᠷ ᠲᠦᠪᠰᠢᠨ ᠤ ᠪᠠᠶᠢᠳᠠᠯ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠪᠠᠶᠠᠷ ᠤᠨ | ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠢᠵᠢᠭᠦᠷᠯᠡᠬᠦ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠢᠯᠳᠠᠨ ᠤ ᠠᠵᠢᠯ ᠤᠨ ᠪᠠᠶᠢᠷᠢ ᠳᠤ ᠪᠠᠶᠢᠬᠤ᠂ ᠴᠢᠮᠡᠭᠡ ᠬᠤᠯᠪᠣᠭ᠎ᠠ ᠶᠢᠨ ᠰᠠᠭᠠᠳ ᠦᠭᠡᠢ | ᠨᠡᠪᠲᠡᠷᠡᠬᠦ ᠶᠢ ᠪᠠᠲᠤᠯᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ | ᠪᠠᠶᠢᠴᠠᠭᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠠᠷᠠᠳ ᠤᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠪᠠᠨ | ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | ᠰᠤᠷᠪᠤᠯᠵᠢᠯᠠᠭᠴᠢ᠄ ᠵᠠᠩ ᠹᠸᠢ ᠢᠦᠶ ᠸᠠᠩ ᡁᠢ ᠹᠠᠩ | ᠣᠷᠴᠢᠭᠤᠯᠣᠨᠨᠴᠢ᠄ ᠭᠧ ᠲᠣᠸᠠᠨ ᠯᠢᠶᠡᠨ | |