| 2024 ᠣᠨ ᠤ 12 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠥᠬᠡᠪᠦᠷ ᠪᠠᠯᠭᠠᠰᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ | ᠬᠤᠷᠠᠯᠳᠤᠭᠠᠨ ᠠᠮᠵᠢᠯᠲᠠ ᠲᠠᠢ ᠬᠤᠷᠠᠯᠳᠤᠪᠠ᠃ ᠬᠤᠷᠠᠯ ᠢ ᠬᠥᠬᠡᠪᠦᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠸᠧᠶ ᠶᠤᠸᠠᠢ ᠲᠢᠩ ᠡᠷᠭᠢᠯᠡᠪᠡ᠃ | ᠬᠤᠷᠠᠯ ᠠᠴᠠ ︽ᠬᠥᠬᠡᠪᠦᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ | ︽ᠬᠥᠬᠡᠪᠦᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ ︽ | ᠬᠥᠬᠡᠪᠦᠷ ᠪᠠᠯᠭᠠᠰᠤᠨ ᠤ 2024 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ ᠲᠥᠰᠦᠪ ᠢ | ᠲᠣᠬᠢᠷᠠᠭᠤᠯᠤᠭᠰᠠᠨ ᠪᠠᠶᠢᠳᠠᠯ ︵ᠡᠬᠡ ᠨᠣᠣᠷᠠᠭ︶ ᠤᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠭᠰᠡᠨ ᠪᠥᠭᠡᠳ | ᠡᠯ᠎ᠡ ᠵᠦᠢᠯ ᠤᠨ ᠮᠡᠳᠡᠭᠦᠯᠦᠯᠲᠡ ᠶᠢᠨ ᠰᠢᠢᠳᠪᠦᠷᠢ ᠶᠢ ᠪᠠᠲᠤᠯᠠᠪᠠ᠃ | ᠬᠤᠷᠠᠯ ᠠᠴᠠ ᠬᠥᠬᠡᠪᠦᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ | ᠪᠣᠯᠤᠨ ᠠᠷᠠᠳ ᠤᠨ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠶᠢ ᠰᠣᠩᠭᠤᠵᠤ᠂ 2024 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠨᠤᠮᠵᠢ ᠶᠢᠨ | ᠬᠡᠮᠵᠢᠶ᠎ᠡ ᠶᠢ ᠬᠡᠮᠵᠢᠨ ᠦᠨᠡᠯᠡᠪᠡ᠃ | ᠪᠥᠬᠦ ᠲᠥᠯᠥᠭᠡᠯᠡᠭᠴᠢᠳ ᠳᠥᠷᠪᠡᠨ ᠳᠤᠭᠤᠶᠢᠯᠠᠩ ᠬᠤᠪᠢᠶᠠᠨ ᠶᠠᠷᠢᠯᠴᠠᠵᠤ᠂ ᠢᠯᠡᠳᠬᠡᠯ ᠢ ᠨᠠᠷᠢᠨ ᠬᠢᠨᠠᠮᠠᠭᠠᠶ | ᠬᠢᠨᠠᠨ ᠵᠥᠪᠯᠡᠵᠦ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ | ᠶᠠᠷᠢᠵᠤ᠂ ᠬᠥᠬᠡᠪᠦᠷ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠪᠠ᠃ | ᠲᠥᠯᠥᠭᠡᠯᠡᠭᠴᠢᠳ ᠲᠣᠰᠬᠤᠨ ᠤ ᠳᠦᠷᠰᠦ ᠪᠠᠶᠢᠳᠠᠯ᠂ ᠰᠠᠭᠤᠷᠢ ᠲᠥᠬᠦᠭᠡᠷᠦᠮᠵᠢ᠂ ᠤᠤᠭᠤᠬᠤ ᠤᠰᠤᠨ ᠤ ᠠᠮᠤᠷ | ᠲᠦᠪᠰᠢᠨ᠂ ᠴᠠᠯᠢᠩ ᠣᠯᠭᠤᠮᠵᠢ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ 6 ᠵᠤᠷᠪᠤᠰ ᠰᠠᠨᠠᠯ ᠰᠠᠨᠠᠭᠤᠯᠭ᠎ᠠ | ᠳᠤᠷᠠᠳᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠭᠤᠣᠯᠳᠠᠯᠭ᠎ᠠ ᠪᠣᠯᠭᠠᠵᠤ᠂ | ᠰᠤᠷᠤᠯᠴᠠᠯᠭ᠎ᠠ ᠪᠠᠨ ᠴᠢᠩᠭᠠᠳᠬᠠᠵᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠴᠢᠭᠯᠡᠯ ᠢ ᠦᠨᠡᠨᠬᠦ ᠪᠠᠲᠤ ᠡᠵᠡᠮᠳᠡᠬᠦ ᠬᠡᠷᠡᠭᠲᠡᠢ᠃ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ᠂ ᠠᠷᠠᠳ ᠲᠦᠮᠡᠨ ᠢ ᠳᠠᠭᠠᠭᠤᠯᠤᠨ ᠨᠡᠩ ᠵᠣᠯ ᠵᠢᠷᠭᠠᠯᠳᠡᠢ ᠰᠠᠶᠢᠨ | ᠰᠠᠶᠢᠬᠠᠨ ᠠᠮᠢᠳᠤᠷᠠᠯ ᠢ ᠡᠭᠦᠳᠦᠨ ᠪᠦᠲᠦᠭᠡᠬᠦ ᠶᠢ ᠪᠠᠷᠢᠮᠲᠠᠯᠠᠵᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠶᠢ | ᠪᠠᠷᠢᠮᠲᠠᠯᠠᠵᠤ᠂ ᠤᠬᠠᠮᠰᠠᠷ ᠠᠴᠠ ᠪᠠᠨ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ | ᠶᠠᠪᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠠᠷᠠᠳᠴᠢᠯᠠᠯ ᠬᠠᠤᠯᠢ ᠪᠠᠷ ᠵᠠᠰᠠᠬᠤ ᠠᠬᠢᠴᠠ ᠶᠢ ᠬᠠᠤᠯᠢ | ᠶᠣᠰᠣᠭᠠᠷ ᠠᠬᠢᠭᠤᠯᠵᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠣᠰᠣᠭᠠᠷ ᠭᠦᠢᠴᠡᠳᠭᠡᠵᠦ᠂ ᠠᠰᠠᠭᠤᠳᠠᠯ ᠢ | ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠢᠨ᠎ᠡ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | ᠵᠣᠬᠢᠶᠠᠭᠴᠢ᠄ ᠬᠥᠬᠡᠪᠦᠷ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠤᠨ ᠨᠠᠶᠢᠷᠠᠭᠤᠯᠤᠭᠴᠢ᠄ ᠪᠣᠣ ᠬᠤᠩ ᠯᠢᠶᠠᠩ | |