ᠳᠡᠭᠡᠳᠦ ᠱᠠᠲᠤᠨ ᠤ ᠴᠠᠯᠢᠩ ᠤᠨ ᠪᠠᠷᠢᠮᠵᠢᠶ᠎ᠠ ᠶᠢ ᠳᠣᠭᠢᠷᠠᠭᠤᠯᠬᠤ ᠲᠤᠬᠠᠶ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠷᠢᠨ ᠨᠢᠮᠪᠠᠶ ᠵᠣᠬᠢᠶᠠᠨ ᠪᠠᠶᠢᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠦᠶ ᠵᠣᠬᠢᠰᠲᠠᠶ ᠳᠣᠭᠢᠷᠠᠭᠤᠯᠤᠨ᠂ ᠪᠣᠭᠤᠮᠲᠠ ᠶᠢ ᠴᠢᠩᠭ᠎ᠠ ᠡᠵᠡᠮᠳᠡᠵᠦ᠂ 8 | ᠡᠳᠦᠷ ᠶᠠᠪᠤᠭᠳᠠᠵᠤ᠂ 2024 ᠣᠨ ᠤ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ | ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠴᠠᠯᠢᠩ ᠢ ᠨᠡᠶᠢᠳᠡᠮ ᠲᠣᠬᠢᠷᠠᠭᠤᠯᠬᠤ ᠠᠵᠢᠯ ᠢ ᠤᠷᠤᠭᠰᠢᠲᠠᠶ | ᠪᠡᠶᠡᠯᠡᠭᠦᠯᠪᠡ᠃ | | | | | ᠨᠢᠭᠡ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠠᠵᠢᠯ ᠢᠶᠠᠨ ᠴᠢᠩᠭ᠎ᠠ ᠨᠢᠮᠪᠠᠶ | ᠦᠷᠨᠢᠬᠦᠯᠪᠡ᠃ ᠪᠥᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠮᠡᠳᠡᠭᠡ | ᠵᠠᠩᠭᠢ ᠶᠢ ᠪᠥᠬᠦ ᠲᠠᠯ᠎ᠠ ᠪᠠᠷ ᠡᠮᠬᠢᠯᠡᠵᠦ᠂ ᠠᠵᠢᠯᠲᠠᠨ ᠠᠵᠢᠯᠴᠢᠨ ᠨᠢᠭᠡᠪᠦᠷᠢ ᠶᠢᠨ ᠲᠤᠰᠢᠶᠠᠯ᠂ ᠮᠡᠷᠭᠡᠵᠢᠯ ᠤᠨ ᠴᠣᠯᠠ᠂ | ᠴᠠᠯᠢᠩ ᠤᠨ ᠬᠤᠪᠢᠷᠠᠯᠲᠠ ᠶᠢᠨ ᠴᠠᠭ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠨᠠᠷᠢᠨ ᠨᠢᠮᠪᠠᠶ | ᠬᠠᠷᠭᠤᠭᠤᠯᠵᠤ᠂ ᠨᠠᠷᠢᠯᠢᠭ ᠬᠢᠨᠠᠨ ᠬᠠᠷᠭᠤᠭᠤᠯᠵᠤ᠂ ᠴᠠᠯᠢᠩ ᠢ ᠲᠣᠬᠢᠷᠠᠭᠤᠯᠬᠤ ᠲᠤᠭ᠎ᠠ ᠪᠠᠷᠢᠮᠲᠠ ᠶᠢᠨ ᠦᠨᠡᠨ | ᠪᠣᠳᠠᠲᠤ ᠴᠢᠨᠠᠷ ᠪᠠ ᠨᠠᠶᠢᠳᠠᠪᠤᠷᠢᠲᠤ ᠴᠢᠨᠠᠷ ᠢ ᠪᠠᠲᠤᠯᠠᠪᠠ᠃ ᠬᠤᠶᠠᠷ ᠲᠤ᠂ ᠨᠠᠷᠢᠨ ᠨᠢᠭᠲᠠ ᠪᠠᠶᠢᠷᠢᠯᠠᠭᠤᠯᠵᠤ᠂ ᠡᠮᠬᠢ | ᠵᠢᠷᠤᠮ ᠲᠠᠢ ᠠᠬᠢᠭᠤᠯᠵᠤ᠂ ᠲᠠᠰ ᠳᠠᠷᠠᠭᠠᠯᠠᠯ ᠲᠠᠢ ᠪᠠᠷ ᠲᠥᠪᠯᠡᠷᠡᠭᠦᠯᠦᠨ ᠨᠡᠶᠢᠳᠡᠮ ᠲᠣᠬᠢᠷᠠᠭᠤᠯᠤᠯᠲᠠ ᠬᠢᠵᠦ ᠬᠢᠨᠠᠨ | ᠵᠥᠪᠰᠢᠶᠡᠷᠡᠵᠦ᠂ ᠠᠬᠢᠭᠤᠯᠬᠤ ᠶᠠᠪᠤᠴᠠ ᠳᠤ᠂ ᠬᠡᠰᠡᠭ ᠨᠢᠭᠡᠴᠡ ᠪᠠ ᠠᠵᠢᠯᠲᠠᠨ ᠠᠵᠢᠯᠴᠢᠨ ᠤ ᠳᠤᠷᠠᠳᠤᠭᠰᠠᠨ | ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠴᠠᠯᠢᠩ ᠠᠰᠠᠷᠠᠮᠵᠢ ᠶᠢᠨ ᠰᠲ᠋ᠣᠺ ᠢ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠳᠠᠭ ᠲᠠᠢ ᠠᠰᠠᠭᠤᠳᠠᠯ ᠢ ᠴᠠᠭ ᠲᠤᠬᠠᠶ ᠳᠤᠨᠢ | ᠬᠠᠷᠢᠭᠤᠯᠪᠠ᠃ ᠭᠤᠷᠪᠠ ᠳᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠵᠢᠷᠤᠮᠵᠢᠯ ᠲᠠᠢ ᠠᠵᠢᠯᠯᠠᠵᠤ᠂ | ᠠᠵᠢᠯᠲᠠᠨ ᠤ ᠶᠠᠪᠤᠳᠠᠯ ᠤᠨ ᠴᠠᠯᠢᠩ ᠤᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠵᠦ᠂ ᠠᠯᠬᠤᠮ ᠳᠠᠷᠠᠭ᠎ᠠ ᠶᠢ | ᠵᠢᠷᠤᠮᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠡᠳᠦᠷ ᠲᠤᠲᠤᠮ ᠤᠨ ᠴᠠᠯᠢᠩ ᠤᠨ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃ | ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠠᠵᠢᠯᠯᠠᠬᠤ ᠪᠠᠷ ᠳᠡᠮᠵᠢᠨ᠂ ᠲᠣᠰ ᠤᠳᠠᠭᠠᠨ ᠤ ᠴᠠᠯᠢᠩ ᠢ | ᠨᠡᠶᠢᠳᠡᠮ ᠲᠣᠬᠢᠷᠠᠭᠤᠯᠬᠤ ᠠᠵᠢᠯ ᠢ ᠤᠷᠤᠭᠰᠢᠲᠠᠶ ᠪᠡᠶᠡᠯᠡᠭᠦᠯᠵᠦ᠂ ᠨᠡᠶᠢᠲᠡ 121 ᠨᠢᠭᠡᠴᠡ 3112 ᠬᠥᠮᠦᠨ ᠳᠤ | ᠬᠤᠯᠪᠣᠭᠳᠠᠵᠠᠶ᠃ | | | ᠵᠣᠬᠢᠶᠠᠭᠴᠢ᠄ ᠰᠠᠷᠠᠭᠤᠯ | ᠣᠷᠴᠢᠭᠤᠯᠤᠨ ᠨᠠᠶᠢᠷᠠᠭᠤᠯᠤᠭᠴᠢ᠄ ᠪᠤᠤ ᠬᠤᠩ ᠯᠢᠶᠠᠩ |