ᠭᠤᠤ ᠰᠧᠨ ᠴᠠᠭᠠᠨ ᠰᠠᠷ᠎ᠠ ᠠᠴᠠ ᠡᠮᠤᠨᠡᠭᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/22
     ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠩ ᠫᠠᠨ ᠰᠢᠶᠠᠩ ᠳᠤ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠢ ᠨᠠᠮ ᠤᠨ ᠭᠡᠰᠢᠭᠦᠨ᠂ ᠬᠦᠴᠢᠷᠳᠡᠯᠲᠡᠢ ᠬᠡᠦᠬᠡᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ᠃ ᠭᠤᠤ ᠰᠧᠨ ᠲᠣᠬᠤᠨᠢᠭᠤᠯᠬᠤ ᠠᠵᠢᠯᠯᠠᠭ᠎ᠠ ᠳᠠᠭᠠᠨ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠣᠯᠠᠨ ᠲᠦᠮᠡᠨ ᠤ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠲᠦᠷᠦᠭᠦᠯᠡᠨ ᠭᠦᠨᠵᠡᠭᠡᠶᠢᠷᠡᠨ ᠣᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠣᠯᠠᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠡᠶ᠃

     ᠭᠤᠤ ᠰᠧᠨ ᠡᠩ ᠲᠡᠷᠢᠭᠦᠨ ᠳᠤ ᠬᠦᠴᠢᠷᠳᠡᠯᠲᠡᠶ ᠬᠡᠤᠬᠡᠳ ᠹᠧᠩ ᠿᠦᠢ ᠶᠢᠨ ᠬᠡᠷ ᠲᠤ ᠬᠦᠷᠴᠦ᠂

ᠬᠡᠤᠬᠡᠳ ᠤᠨ ᠠᠮᠢᠳᠤᠷᠠᠯ ᠤᠨ ᠪᠠᠶᠢᠳᠠᠯ᠂ ᠰᠤᠷᠤᠯᠭ᠎ᠠ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠳᠤ

ᠲᠤᠯᠭᠠᠷᠠᠵᠤ ᠪᠠᠶᠢᠭ᠎ᠠ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠲᠡᠳᠡᠨ ᠢ

ᠠᠮᠢᠳᠤᠷᠠᠯ ᠳᠤ ᠵᠣᠷᠢᠭᠲᠠᠶ ᠪᠠᠷ ᠬᠠᠨᠳᠤᠵᠤ᠂ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠢᠯᠡᠭᠦᠬᠡᠨ

ᠠᠩᠬᠠᠷᠴᠤ᠂ ᠪᠠᠶᠠᠷ ᠬᠥᠷ ᠲᠠᠢ ᠠᠮᠤᠷ ᠲᠦᠪᠰᠢᠨ ᠴᠠᠭᠠᠨ ᠰᠠᠷ᠎ᠠ ᠶᠢ ᠥᠩᠭᠡᠷᠡᠭᠦᠯᠬᠦ ᠶᠢ ᠵᠣᠷᠢᠭᠵᠢᠭᠤᠯᠪᠠ᠃

     ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠱᠢ ᠹᠦ᠋ ᠼᠠᠩ᠂ ᠠᠬᠠᠮᠠᠳ ᠨᠠᠮ ᠤᠨ ᠭᠡᠰᠢᠭᠦᠨ ᠶᠢᠨ ᠸᠧᠨ

ᡁᠠᠢ ᠶᠢᠨ ᠭᠡᠷ ᠲᠤ᠂ ᠭᠤᠤ ᠰᠧᠨ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠠᠮᠢᠳᠤᠷᠠᠯ ᠣᠷᠣᠨ

ᠰᠠᠭᠤᠴᠠ᠂ ᠪᠡᠶ᠎ᠡ ᠮᠠᠬᠠᠪᠣᠳ ᠡᠷᠡᠭᠦᠯ ᠴᠢᠭᠢᠷᠠᠭ ᠵᠡᠷᠭᠡ ᠪᠠᠶᠢᠳᠠᠯ ᠢ ᠣᠶᠢᠯᠠᠭᠠᠪᠠ᠃ ᠭᠤᠤ ᠰᠧᠨ᠂ ᠠᠬᠠᠮᠠᠳ

ᠨᠠᠮ ᠤᠨ ᠭᠡᠰᠢᠭᠦᠨ ᠪᠣᠯ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠲᠡᠳᠡ ᠨᠠᠮ ᠪᠣᠯᠤᠨ

ᠤᠯᠤᠰ ᠤᠨ ᠲᠥᠯᠥᠭᠡ ᠯᠤᠲᠤ ᠶᠡᠭᠡ ᠬᠤᠪᠢ ᠨᠡᠮᠡᠷᠢ ᠦᠵᠡᠭᠦᠯᠵᠦ᠂ ᠠᠬᠠᠮᠠᠳ ᠨᠠᠮ ᠤᠨ ᠭᠡᠰᠢᠭᠦᠳ ᠤᠨ

ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠦᠨᠡᠨ ᠬᠦ ᠬᠠᠯᠠᠮᠵᠢᠯᠠᠨ ᠠᠩᠬᠠᠷᠴᠤ᠂ ᠲᠡᠳᠡᠨ ᠢ

ᠥᠲᠡᠯᠪᠡᠯ ᠠᠰᠠᠷᠠᠮᠵᠢ ᠲᠠᠢ᠂ ᠲᠦᠰᠢᠭ ᠲᠤᠯᠭᠠᠭᠤᠷᠢ ᠲᠠᠢ᠂ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ

ᠬᠠᠮᠲᠤ ᠪᠠᠷ ᠡᠳ᠋ᠯᠡᠭᠦᠯᠬᠦ ᠬᠡᠷᠡᠭᠲᠡᠢ ᠭᠡᠵᠦ ᠢᠯᠡᠳᠬᠡᠪᠡ᠃

     ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠦᠨ᠋ᠨᠨᠵᠠᠶᠠᠭ᠎ᠠ ᠶᠢᠨ ᠭᠡᠷ ᠲᠤ᠂ ᠭᠤᠤ ᠰᠧᠨ

ᠦᠨ᠋ᠨᠨᠵᠠᠶᠠᠭ᠎ᠠ ᠲᠠᠢ ᠤᠳᠠᠭᠠᠨ ᠶᠠᠷᠢᠯᠴᠠᠵᠤ᠂ ᠲᠡᠭᠦᠨ ᠤ ᠪᠠᠶᠠᠷ ᠤᠨ ᠡᠳᠦᠷ ᠤᠨ ᠠᠮᠢᠳᠤᠷᠠᠯ ᠤᠨ ᠲᠤᠬᠢᠷᠠᠭᠤᠯᠤᠯᠳᠠ ᠶᠢ

ᠯᠠᠪᠯᠠᠨ ᠠᠰᠠᠭᠤᠪᠠ᠃ ᠭᠤᠤ ᠰᠧᠨ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ

ᠥᠩᠭᠡᠷᠡᠭᠰᠡᠨ ᠲᠠᠢ ᠪᠠᠨ ᠠᠳᠠᠯᠢ ᠪᠠᠷ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯ ᠢ ᠬᠠᠯᠠᠮᠵᠢᠯᠠᠨ ᠳᠡᠮᠵᠢᠵᠦ᠂

ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠢ ᠤᠯᠠᠮ ᠰᠠᠶᠢᠨ ᠬᠢᠵᠦ᠂ ᠪᠥᠬᠦ ᠬᠤᠰᠢᠭᠤᠨ ᠤ

ᠨᠠᠰᠤᠲᠠᠶᠢᠴᠤᠳ ᠤᠨ ᠣᠯᠠᠨ ᠡᠰᠢᠵᠢᠭᠰᠡᠨ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠵᠤ᠂

ᠮᠠᠨ ᠤ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ

ᠭᠠᠷᠬᠤ ᠶᠢ ᠠᠬᠢᠭᠤᠯᠵᠤ᠂ ᠨᠠᠰᠤᠲᠠᠶᠢᠴᠤᠳ ᠲᠤ ᠡᠷᠡᠭᠦᠯ ᠮᠡᠨᠳᠦ ᠵᠣᠯ ᠵᠢᠷᠭᠠᠯ ᠲᠠᠢ ᠥᠲᠡᠯᠦᠭᠡ ᠨᠠᠰᠤ ᠪᠠᠨ

ᠡᠳ᠋ᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃

     ᠲᠣᠬᠤᠨᠢᠭᠤᠯᠬᠤ ᠠᠵᠢᠯᠯᠠᠭ᠎ᠠ ᠶᠢᠨ ᠲᠠᠷᠠᠭ᠎ᠠ᠂ ᠭᠤᠤ ᠰᠧᠨ ᠨᠠᠷ ᠠᠷᠠᠳ ᠲᠤ ᠲᠦᠬᠦᠮ ᠦᠵᠡᠭᠦᠯᠬᠦ ᠵᠠᠬ᠎ᠠ

ᠳᠡᠯᠭᠡᠭᠦᠷ ᠤᠨ ᠬᠤᠸᠠᠷ ᠫᠤᠤᠵᠢᠩ ᠪᠣᠷᠣᠯᠠᠭᠤᠯᠬᠤ ᠴᠡᠭ᠂ ᠬᠤᠩ ᠷᠦᠨ ᠪᠦᠦ ᠬᠡᠳᠦ ᠳᠡᠯᠭᠡᠭᠦᠷ ᠵᠡᠷᠭᠡ ᠭᠠᠵᠠᠷ ᠲᠤ

ᠭᠦᠨᠵᠡᠭᠡᠶᠢᠷᠡᠵᠦ᠂ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ

ᠥᠷᠨᠢᠭᠦᠯᠵᠦ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠵᠤ᠂ ᠠᠮᠤᠷ ᠲᠦᠪᠰᠢᠨ ᠤ

ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃ ᠭᠤᠤ ᠰᠧᠨ ᠵᠢᠭᠠᠵᠤ ᠭᠠᠷᠭᠠᠭᠰᠠᠨ ᠨᠢ᠂ ᠠᠶᠤᠯᠭᠦᠢ

ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠡᠯ᠎ᠡ ᠰᠠᠯᠠᠭ᠎ᠠ ᠮᠥᠴᠢᠷ᠂ ᠡᠯ᠎ᠡ

ᠨᠢᠭᠡᠴᠡ ᠶᠢᠨ ᠬᠢᠨ ᠢᠮᠠᠭᠲᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ

ᠰᠡᠳᠬᠢᠯᠭᠡ ᠪᠠᠨ ᠪᠠᠲᠤᠯᠠᠵᠤ᠂ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ

ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ

ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠪᠦᠬᠦ ᠬᠤᠰᠢᠭᠤᠨ ᠤ

ᠤᠯᠠᠨ ᠲᠦᠮᠡᠨ ᠤ ᠠᠮᠤᠷ ᠲᠦᠪᠰᠢᠨ᠂ ᠥᠯᠵᠡᠢ ᠪᠡᠯᠭᠡ ᠲᠠᠢ᠂ ᠵᠣᠯ ᠵᠢᠷᠭᠠᠯ ᠲᠠᠢ ᠴᠠᠭᠠᠨ ᠰᠠᠷ᠎ᠠ ᠪᠠᠨ

ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠰᠢᠭᠤᠨ ᠤ ᠤᠳᠤᠷᠢᠳᠤᠯᠭ᠎ᠠ ᡂᠢ ᠵᠢᠶᠠᠨ ᠹᠧᠩ᠂ ᠪᠠᠲᠤᠵᠢᠷᠭᠠᠯ᠂ ᠵᠠᠩ ᠪᠢᠨ ᠲᠣᠬᠤᠨᠢᠭᠤᠯᠬᠤ

ᠠᠵᠢᠯᠯᠠᠭ᠎ᠠ ᠳᠤ ᠣᠷᠣᠯᠴᠠᠪᠠ᠃

 

         

          ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ

         ᠣᠷᠴᠢᠭᠤᠯᠣᠨᠨᠴᠢ᠄  ᠬᠠᠶᠢᠷᠬᠠᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号