12 ᠰᠠᠷ᠎ᠠ ᠶᠢᠨ 31 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠯᠢ ᠮᠧᠶ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠠᠩ ᠪᠣᠳᠠᠲᠠᠶ ᠶᠢ ᠡᠷᠬᠢᠮᠯᠡᠬᠦ ᠬᠦᠴᠦᠲᠡᠶ ᠠᠷᠭ᠎ᠠ | ᠬᠡᠮᠵᠢᠶ᠎ᠡ ᠪᠠᠷ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ ᠵᠠᠰᠠᠬᠤ | ᠪᠠᠲᠤᠯᠠᠭ᠎ᠠ ᠬᠠᠩᠭᠠᠬᠤ ᠬᠡᠷᠡᠭᠲᠡᠶ᠃ | | | | | ᠬᠤᠷᠠᠯ ᠳᠡᠭᠡᠷ᠎ᠡ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ︽2024 ᠣᠨ ᠤ | ᠪᠥᠬᠦ ᠬᠤᠰᠢᠭᠤᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ︾ ᠢ ᠮᠡᠳᠡᠭᠳᠡᠪᠡ᠃ ᠬᠥᠬᠡᠪᠦᠷ | ᠪᠠᠯᠭᠠᠰᠤᠨ ᠤ ᠵᠠᠰᠠᠭ ᠤᠨ ᠣᠷᠳᠣᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠬᠠᠷᠢᠭᠤᠴᠠᠯᠭᠠᠲᠠᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠤᠬᠠᠶ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ᠂ 2025 ᠤᠨ ᠪᠣᠯ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ ᠶᠢᠨ ᠡᠴᠦᠰ ᠤᠨ ᠵᠢᠯ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠰᠠᠶᠢᠲᠤᠷ ᠡᠵᠡᠮᠳᠡᠵᠦ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠲᠠᠯᠪᠢᠵᠤ ᠨᠢᠭᠡᠳᠦᠯᠲᠡᠢ | ᠲᠦᠯᠥᠪᠯᠡᠨ ᠲᠥᠯᠥᠪᠵᠢᠭᠦᠯᠵᠦ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠪᠠᠷ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ | ᠭᠠᠷᠭᠠᠪᠠ᠃ | ᠬᠤᠷᠠᠯ ᠠᠴᠠ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠲᠠᠯᠪᠢᠬᠤ ᠪᠠ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢᠨ ︽ᠤᠷᠢᠳᠠᠴᠢ ᠰᠢᠲᠠᠷ᠎ᠠ︾ ᠪᠣᠯᠭᠠᠬᠤ ᠶᠢ | ᠪᠠᠷᠢᠮᠲᠠᠯᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠬᠦᠴᠦᠯᠡᠨ ᠪᠡᠶᠡᠯᠡᠭᠦᠯᠬᠦ ᠬᠡᠷᠡᠭᠲᠡᠶ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ | ᠤᠬᠠᠭᠠᠨᠴᠢᠯᠠᠬᠤ᠂ ᠬᠠᠤᠯᠢᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢᠨ | ᠦᠢᠯᠡᠳᠣᠯ ᠢ ᠪᠦᠲᠦᠮᠵᠢᠲᠡᠶ ᠪᠠᠳᠠᠷᠠᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠶ ᠲᠦᠭᠡᠮᠡᠯ ᠬᠠᠷᠠᠭᠠᠯᠵᠠᠯ ᠤᠨ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠣᠶ ᠪᠣᠯᠭᠠᠵᠤ᠂ ᠬᠠᠤᠯᠢᠵᠢᠯ ᠤᠨ ᠵᠠᠰᠠᠭ ᠤᠨ ᠣᠷᠳᠣᠨ᠂ ᠦᠨᠡᠨᠴᠢ | ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠳᠠᠮᠵᠢ ᠣᠯᠭᠤᠵᠤ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠶ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠠᠵᠢᠯ ᠤᠨ | ᠬᠠᠮᠲᠤᠷᠠᠯ ᠬᠦᠴᠦᠨ ᠢ ᠨᠢᠭᠲᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠬᠠᠤᠯᠢᠵᠢᠯ ᠤᠨ | ᠪᠠᠲᠤᠯᠠᠭ᠎ᠠ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠰᠢᠭᠤᠨ ᠤ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤᠨ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ ︵ | ᠬᠦᠷᠢᠶᠡᠯᠡᠩ ᠲᠣᠭᠤᠷᠢᠭ︶᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | ᠰᠤᠷᠪᠤᠯᠵᠢᠯᠠᠭᠴᠢ᠄ ᠵᠠᠩ ᠹᠸᠢ ᠢᠤᠢ | ᠣᠷᠴᠢᠭᠤᠯᠣᠨᠨᠴᠢ᠄ ᠭᠧ ᠲᠣᠸᠠᠨ ᠯᠢᠶᠡᠨ | | |