1 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ | ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠶᠠᠩ ᠯᠢ ᠮᠧᠶ ᠣᠷᠣᠯᠴᠠᠵᠠᠶ᠃ | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ᠂ ᠤᠯᠠᠭᠠᠨᠴᠠᠪ ᠬᠤᠲᠠ ᠶᠢᠨ ᠨᠠᠮ ᠤᠨ | ᠬᠤᠷᠢᠶᠠᠨ ᠤ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠠᠷᠠᠳᠴᠢᠯᠠᠯ ᠤᠨ ᠠᠮᠢᠳᠤᠷᠠᠯ ᠤᠨ | ᠬᠤᠷᠠᠯ ᠠᠴᠠ ᠡᠮᠦᠨᠡᠬᠢ ᠰᠤᠷᠤᠯᠴᠠᠯᠭ᠎ᠠ ᠥᠷᠨᠢᠭᠦᠯᠪᠡ᠃ | ᠬᠤᠷᠠᠯ ᠠᠴᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠨᠢᠭᠡ ᠭᠤᠤᠯ ᠰᠢᠵᠢᠮ ᠢ ᠲᠣᠭᠤᠰᠢᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠶᠢ ᠡᠭᠦᠳᠬᠦ ᠵᠠᠮ ᠳᠤ ᠳᠤᠮᠳᠠ ᠤᠷᠤᠰᠬᠠᠯ ᠳᠤ ᠣᠷᠣᠬᠤ︾ | ᠶᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ | ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ | ᠪᠠᠲᠤ ᠰᠠᠭᠤᠷᠢ ᠲᠠᠯᠪᠢᠬᠤ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠵᠤ᠂ ︽ᠵᠢᠷᠭᠤᠭᠠᠨ | ᠠᠵᠢᠯᠯᠠᠭ᠎ᠠ︾ ᠶᠢ ᠭᠦᠨᠵᠡᠭᠡᠶ ᠰᠠᠶᠢᠲᠤᠷ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ | ᠵᠢᠭᠠᠵᠦ ᠭᠠᠷᠭᠠᠪᠠ᠃ | ᠬᠤᠷᠠᠯ ᠠᠴᠠ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ᠂ ᠡᠯ᠎ᠡ ᠱᠠᠲᠤᠨ ᠤ ᠤᠳᠤᠷᠢᠳᠬᠤ ᠺᠠᠳ᠋ᠷ ᠬᠠᠷᠠᠯᠲᠠ ᠪᠠᠨ ᠴᠢᠩᠭ᠎ᠠ ᠠᠩᠬᠠᠷᠴᠤ᠂ ᠡᠭᠦᠷᠭᠡ ᠪᠠᠨ ᠴᠢᠩᠭ᠎ᠠ | ᠠᠵᠢᠨᠨᠯᠠᠵᠦ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠤᠨᠢᠨ ᠳᠡᠭᠡᠷ᠎ᠡ ᠨᠢ ᠬᠦᠴᠦᠯᠡᠵᠦ᠂ ᠬᠢᠬᠦ ᠶᠢ ᠲᠡᠷᠢᠭᠦᠨ ᠳᠤ | ᠲᠠᠯᠪᠢᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠤᠷᠢᠳᠴᠢᠯᠠᠨ ᠬᠦᠴᠦᠯᠡᠵᠦ ᠪᠠᠶᠢᠭᠠᠳ ᠲᠦᠷᠦᠯ ᠵᠦᠢᠯ ᠤᠨ ᠪᠡᠯᠡ | ᠣᠷᠣᠭᠤᠯᠤᠯᠲᠠ ᠶᠢ ᠠᠳᠬᠤᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠬᠥᠭᠵᠢᠭᠡᠵᠦ᠂ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠵᠢᠯ ᠤᠨ ᠡᠴᠦᠰ ᠤᠨ ᠤ ᠡᠬᠢᠨ ᠤ ᠡᠯ᠎ᠡ ᠵᠦᠢᠯ ᠤᠨ ᠠᠵᠢᠯ ᠢᠶᠠᠨ | ᠨᠠᠷᠢᠨ ᠨᠢᠮᠪᠠᠢ ᠰᠠᠶᠢᠲᠤᠷ ᠬᠢᠵᠦ᠂ ᠠᠷᠠᠳ ᠤᠯᠠᠨ ᠢ ᠪᠠᠶᠠᠷ ᠬᠦᠷ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ | ᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | ᠰᠤᠷᠪᠤᠯᠵᠢᠯᠠᠭᠴᠢ᠄ ᠵᠠᠩ ᠰᠢᠶᠤᠤ ᠳ᠋ᠦᠩ ᠸᠠᠩ ᡁᠢ ᠹᠠᠩ | ᠣᠷᠴᠢᠭᠤᠯᠣᠨᠨᠴᠢ᠄ ᠭᠧ ᠲᠣᠸᠠᠨ ᠯᠢᠶᠡᠨ | | | | | |