ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/9
            1 ᠰᠠᠷ᠎ᠠ ᠶᠢᠨ 8 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠶᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦ᠋ ᡁᠢ ᠪᠢᠶᠤᠤ᠂ ᠯᠢᠦᠶ ᠱᠤ᠋ ᠶᠠᠨ ᠵᠢᠴᠢ ᠪᠥᠬᠦ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠵᠢᠱᠢᠭᠳᠡᠭᠴᠢ ᡂᠢ ᠵᠢᠶᠠᠨ ᠹᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ  ᠬᠡᠯᠲᠡᠰ ᠤᠨ ᠳᠠᠷᠤᠭ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠠᠲᠤᠵᠢᠷᠭᠠᠯ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠵᠢᠱᠢᠭᠳᠡᠭᠴᠢ ᠯᠢ ᠶᠢᠨ ᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠯᠢ ᠪᠢᠨ ᠬᠤᠷᠠᠯ ᠳᠤ ᠣᠷᠣᠯᠴᠠᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠤᠯᠤᠰ ᠲᠦᠷᠦ ᠶᠢᠨ

ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ

ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ

ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠤᠳᠠᠭ᠎ᠠ ᠶᠢᠨ ᠪᠦᠬᠦᠳᠡ ᠬᠤᠷᠠᠯ ᠤᠨ ᠠᠯᠪᠠᠨ ᠮᠡᠳᠡᠭᠡ︾᠂ ︽ᠰᠢᠨ᠎ᠡ

ᠴᠠᠭ ᠦᠶ᠎ᠡ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ

ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾᠂ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ

ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠨᠡᠶᠢᠭᠡᠮ ᠤᠨ ᠪᠠᠶᠢᠳᠠᠯ

ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠲᠦᠷᠢᠮ︾ ᠪᠣᠯᠤᠨ ︽ᠪᠦᠬᠦ ᠣᠷᠣᠨ ᠤ

ᠤᠯᠤᠰ ᠲᠦᠷᠦ ᠶᠢᠨ ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠠᠨᠠᠯ︾ ᠢ ᠲᠥᠪᠯᠡᠷᠡᠭᠦᠯᠦᠨ

ᠰᠤᠷᠤᠯᠴᠠᠪᠠ᠃

      ᠬᠤᠷᠠᠯ ᠠᠴᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ

ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ

ᠬᠤᠰᠢᠭᠤᠨ ᠤ ᠵᠠᠰᠠᠭ ᠤᠨ ᠣᠷᠳᠣᠨ ᠤ ᠮᠡᠳᠡᠭᠦᠯᠦᠯᠲᠡ᠂ 2024 ᠣᠨ ᠤ ᠬᠤᠰᠢᠭᠤᠨ ᠤ ᠤᠯᠤᠰ ᠲᠥᠷᠥ ᠶᠢᠨ

ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠡᠯᠡᠯ ᠪᠠ

ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠢᠭᠡ ᠠᠯᠪᠠᠨ ᠭᠡᠷ ᠤᠨ ᠳᠥᠷᠪᠡᠨ ᠵᠥᠪᠯᠡᠯ ᠤᠨ 2024

ᠣᠨ ᠤ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃ 2024 ᠣᠨ ᠤ ᠬᠤᠰᠢᠭᠤᠨ ᠤ ᠤᠯᠤᠰ

ᠲᠥᠷᠥ ᠶᠢᠨ ᠵᠥᠪᠯᠡᠯᠭᠡᠨ ᠤ ᠲᠤᠰᠬᠠᠶ ᠰᠡᠳᠦᠪᠲᠦ ᠵᠥᠪᠯᠡᠯᠭᠡ ᠵᠢᠴᠢ ᠠᠵᠢᠯ ᠲᠥᠷᠥᠯ ᠢᠶᠠᠷ ᠢᠶᠠᠨ ᠵᠥᠪᠳᠡᠯᠴᠡᠬᠦ

ᠬᠤᠯᠪᠣᠭᠳᠠᠯ ᠪᠥᠬᠦᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠬᠤᠰᠢᠭᠤᠨ ᠤ ᠤᠯᠤᠰ ᠲᠥᠷᠥ ᠶᠢᠨ

ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠬᠤᠯᠪᠣᠭᠳᠠᠯ

ᠪᠥᠬᠦᠶ ᠮᠠᠲ᠋ᠧᠷᠢᠶᠠᠯ ᠢ ᠬᠢᠨᠠᠨ ᠵᠥᠪᠯᠡᠵᠦ᠂ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠵᠦᠢᠯᠡᠰ ᠢ ᠵᠥᠪᠳᠡᠯᠴᠡᠨ

ᠪᠠᠲᠤᠯᠠᠪᠠ᠃

      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ

ᠢᠮᠠᠭᠲᠠ ᠪᠠᠷᠢᠮᠲᠠᠯᠠᠵᠤ᠂ ᠪᠥᠬᠦ ᠬᠤᠰᠢᠭᠤᠨ ᠤ ᠬᠥᠭᠵᠢᠯᠲᠡ ᠳᠤ ᠢᠳᠡᠪᠬᠢᠲᠡᠶ ᠠᠷᠭ᠎ᠠ  ᠤᠬᠠᠭᠠᠨ  ᠭᠠᠷᠭᠠᠬᠤ

ᠬᠡᠷᠡᠭᠲᠡᠶ᠃ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠵᠦ᠂ ᠨᠡᠩ ᠤᠯᠠᠨ ᠴᠢᠨᠠᠷ ᠰᠠᠶᠢᠲᠠᠢ᠂

ᠣᠨᠴᠠᠯᠢᠭ ᠲᠠᠢ ᠤᠯᠤᠰ ᠲᠦᠷᠦ ᠶᠢᠨ ᠵᠥᠪᠯᠡᠯᠭᠡᠨ ᠤ ᠮᠡᠳᠡᠭᠡ ᠵᠠᠩᠭᠢ ᠶᠢ ᠬᠦᠴᠦᠯᠡᠨ ᠪᠠᠶᠢᠭᠤᠯᠵᠤ᠂ ᠨᠡᠶᠢᠭᠡᠮ ᠤᠨ

ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ ᠦᠨᠳᠦᠰᠦᠨ ᠱᠠᠲᠤᠨ ᠤ ᠤᠯᠤᠰ

ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠪᠠᠨ ᠭᠦᠢᠴᠡᠳᠬᠡᠬᠦ ᠪᠦᠲᠦᠮᠵᠢᠲᠡᠢ ᠬᠡᠯᠪᠡᠷᠢ ᠪᠠ ᠠᠷᠠᠳ ᠤᠨ

ᠰᠠᠨᠠᠭ᠎ᠠ ᠶᠢ ᠲᠤᠰᠬᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠬᠠᠮᠲᠤ ᠶᠢᠨ ᠲᠠᠨᠢᠯᠲᠠ ᠶᠢ

ᠨᠢᠭᠲᠠᠷᠠᠭᠤᠯᠬᠤ ᠴᠢᠬᠤᠯᠠ ᠠᠷᠭ᠎ᠠ ᠵᠠᠮ ᠪᠣᠯᠭᠠᠬᠤ ᠬᠡᠷᠡᠭᠲᠡᠢ᠃ ᠡᠭᠦᠷᠭᠡ ᠶᠢᠨ ᠬᠤᠪᠢᠶᠠᠷᠢᠯᠠᠯ ᠢ ᠨᠠᠷᠢᠯᠢᠬᠵᠢᠭᠤᠯᠵᠤ᠂

ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ

ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠶᠡᠭᠡ

ᠬᠤᠷᠠᠯ ᠤᠨ ᠤᠷᠤᠭᠰᠢᠲᠠᠶ ᠬᠤᠷᠠᠯᠳᠤᠬᠤ ᠳᠤ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃

   

       

                ᠰᠤᠷᠪᠤᠯᠵᠢᠯᠠᠭᠴᠢ᠄ ᠸᠠᠩ ᡁᠢ ᠹᠠᠩ

               ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号