| ᠦᠯᠵᠡᠶᠢᠳᠦ ᠪᠤᠭᠤᠷᠰᠤᠭ ᠨᠢ ᠲᠡᠷᠭᠡᠯᠰᠢᠬᠦ ᠶᠢ ᠪᠡᠯᠭᠡᠳᠡᠨ᠎ᠡ᠃ ᠴᠠᠭᠠᠨ ᠰᠠᠷ᠎ᠠ ᠶᠢᠨ ᠠᠷᠪᠠᠨ ᠲᠠᠪᠤᠨ ᠳᠤ | ᠦᠯᠵᠡᠶᠢᠳᠦ ᠪᠤᠭᠤᠷᠰᠤᠭ ᠢᠳᠡᠬᠦ ᠨᠢ ᠳᠤᠲᠠᠭᠳᠠᠵᠤ ᠪᠤᠯᠤᠰᠢ ᠦᠭᠡᠢ ᠤᠯᠠᠮᠵᠢᠯᠠᠯᠲᠤ ᠵᠠᠩ ᠲᠠᠳᠬᠠᠯ ᠪᠣᠯᠤᠨ᠎ᠠ᠃ | ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠭᠦᠷᠴᠦ ᠢᠷᠡᠬᠦ ᠶᠢ ᠳᠠᠭᠠᠯᠳᠤᠨ᠂ ᠮᠠᠨ ᠤ ᠬᠤᠰᠢᠭᠤᠨ ᠤ | ᠪᠠᠶᠠᠷ ᠤᠨ ᠡᠳᠦᠷ ᠤᠨ ᠵᠠᠬ᠎ᠠ ᠳᠡᠯᠭᠡᠭᠦᠷ ᠳᠠᠬᠢᠨᠲᠠ ᠪᠣᠷᠣᠯᠠᠭᠤᠯᠭ᠎ᠠ ᠶᠢᠨ ᠥᠷᠨᠢᠯᠲᠡ ᠶᠢ ᠤᠭᠲᠤᠨ ᠠᠪᠴᠢᠷᠠᠵᠤ᠂ | ᠵᠡᠭᠡᠯᠢ ᠭᠤᠳᠤᠮᠵᠢ ᠭᠠᠵᠠᠷ ᠪᠣᠯᠭᠠᠨ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ | | | | | ᠡᠯ᠎ᠡ ᠲᠣᠮᠣ ᠬᠤᠳᠠᠯᠳᠣᠭᠠᠨ ᠤ ᠵᠠᠬ᠎ᠠ ᠲᠡᠯᠭᠡᠭᠦᠷ ᠲᠤ ᠥᠯᠵᠡᠶᠢᠲᠦ ᠪᠤᠭᠤᠷᠰᠤᠭ ᠤᠨ ᠪᠣᠷᠣᠯᠠᠭᠤᠯᠤᠯᠲᠠ ᠶᠢᠨ | ᠲᠣᠭᠤᠷᠢᠭ ᠨᠢ ᠣᠨᠴᠠᠭᠠᠢ ᠪᠠᠶᠢᠵᠦ᠂ ᠬᠠᠷ᠎ᠠ ᠮᠠᠭᠠᠵᠢ᠂ ᠯᠤᠬᠠᠱᠧᠩ ᠵᠡᠷᠭᠡ ᠶᠢᠨ ᠰᠣᠩᠭᠤᠳᠠᠭ ᠥᠯᠵᠡᠶᠢᠲᠦ | ᠪᠤᠭᠤᠷᠰᠤᠭ ᠨᠢ ᠪᠣᠷᠣᠯᠠᠭᠤᠯᠭ᠎ᠠ ᠰᠠᠶᠢᠳᠡᠢ ᠪᠠᠶᠢᠵᠦ᠂ ᠪᠠᠷᠠᠭᠠᠨ ᠤ ᠲᠠᠯᠪᠢᠭᠤᠷ ᠤᠨ ᠶᠡᠭᠡᠩᠭᠢ ᠬᠠᠭᠠᠰ ᠢ ᠡᠵᠡᠯᠡᠵᠦ᠂ | ᠳ᠋ᠦᠷᠢᠦ᠂ ᠰᠠᠷᠭᠠᠢ ᠵᠡᠷᠭᠡ ᠰᠢᠨ᠎ᠡ ᠠᠮᠲᠠ ᠲᠠᠢ ᠥᠯᠵᠡᠶᠢᠲᠦ ᠪᠤᠭᠤᠷᠰᠤᠭ ᠨᠢ ᠴᠦ ᠴᠥᠭᠡᠨ ᠪᠤᠰᠤ ᠵᠠᠯᠠᠭᠤ | ᠬᠡᠷᠡᠭᠯᠡᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠬᠡᠲᠦ ᠳᠡᠯᠭᠡᠭᠦᠷ ᠤᠨ ᠠᠵᠢᠯᠲᠠᠳ ᠪᠠᠷᠠᠭ᠎ᠠ ᠪᠠᠨ ᠨᠦᠭᠦᠵᠦ | ᠶᠠᠭᠠᠷᠠᠯᠳᠤᠨ᠂ ᠥᠯᠵᠡᠶᠢᠲᠦ ᠪᠤᠭᠤᠷᠰᠤᠭ ᠬᠤᠳᠠᠯᠳᠤᠨ ᠠᠪᠬᠤ ᠪᠠᠷ ᠢᠷᠡᠭᠰᠡᠨ ᠵᠣᠴᠢᠳ ᠴᠦ ᠲᠠᠰᠤᠷᠠᠯ ᠦᠭᠡᠢ | ᠴᠤᠪᠤᠷᠠᠵᠤ ᠪᠠᠶᠢᠯ᠎ᠠ᠃ | | | | | ᠥᠯᠵᠡᠶᠢᠲᠦ ᠪᠤᠭᠤᠷᠰᠤᠭ ᠤᠨ ᠠᠮᠲᠠ ᠨᠢ ᠣᠯᠠᠨ ᠶᠠᠩᠵᠤ ᠪᠠᠶᠢᠬᠤ ᠠᠴᠠ ᠭᠠᠳᠠᠨ᠎ᠠ ᠳᠦᠷᠰᠦ ᠭᠡᠯᠪᠡᠷᠢ ᠨᠢ | ᠴᠦ ᠮᠠᠰᠢ ᠪᠠᠶᠠᠯᠢᠭ ᠪᠠᠶᠢᠵᠦ᠂ ᠦᠪᠡᠷ ᠤᠨ ᠥᠪᠡᠷᠮᠢᠴᠡ ᠪᠦᠲᠦᠭᠡᠯᠴᠢ ᠳᠦᠷᠰᠦ ᠪᠦᠲᠦᠭᠡᠯ ᠪᠠ ᠶᠣᠭᠲᠠ ᠰᠠᠶᠢᠬᠠᠨ | ᠨᠡᠷ᠎ᠡ ᠪᠠᠷ ᠢᠶᠠᠨ ᠪᠠᠶᠠᠷ ᠤᠨ ᠡᠳᠦᠷ ᠲᠤ ᠨᠡᠩ ᠣᠯᠠᠨ ᠥᠯᠵᠡᠢ ᠪᠡᠯᠭᠡ ᠲᠠᠢ ᠥᠩᠭᠡ ᠪᠣᠳᠤᠭ ᠨᠡᠮᠡᠷᠢᠯᠡᠵᠦ᠂ | ᠬᠡᠷᠡᠭᠯᠡᠭᠴᠢᠳ ᠤᠨ ᠳᠤᠷ᠎ᠠ ᠪᠠᠬ᠎ᠠ ᠲᠠᠭᠠᠰᠢᠶᠠᠯ ᠢ ᠶᠡᠬᠡᠳᠡ ᠤᠯᠤᠭᠰᠠᠨ ᠪᠠᠶᠢᠨ᠎ᠠ᠃ | | | | | ᠴᠠᠭᠠᠨ ᠰᠠᠷ᠎ᠠ ᠶᠢᠨ ᠥᠯᠵᠡᠶᠢᠲᠦ ᠡᠳᠣᠷ ᠤᠨ ᠪᠠᠶᠠᠷ ᠭᠦᠷᠴᠦ ᠢᠷᠡᠬᠦ ᠶᠢ ᠳᠠᠭᠠᠯᠳᠤᠨ᠂ ᠴᠠᠬᠠᠷ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠥᠯᠵᠡᠶᠢᠲᠦ ᠪᠤᠭᠤᠷᠰᠤᠭ ᠪᠣᠷᠣᠯᠠᠭᠤᠯᠬᠤ ᠥᠷᠨᠢᠯᠲᠡ ᠪᠠᠰᠠ ᠦᠷᠭᠦᠯᠵᠢᠯᠡᠨ | ᠭᠦᠭᠵᠢᠵᠦ᠂ ᠥᠯᠵᠡᠶᠢᠲᠦ ᠪᠤᠭᠤᠷᠰᠤᠭ ᠨᠢ ᠬᠥᠮᠦᠰ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ | ᠠᠴᠢᠶᠠᠯᠠᠭᠰᠠᠨ ᠢᠶᠠᠷ ᠪᠠᠷᠠᠬᠤ ᠦᠭᠡᠢ᠂ ᠪᠠᠰᠠ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ | ᠠᠴᠢᠶᠠᠯᠠᠪᠤᠷᠢ ᠪᠣᠯᠵᠤ᠂ ᠡᠨᠡ ᠬᠦ ᠪᠠᠶᠠᠷ ᠤᠨ ᠡᠳᠦᠷ ᠢ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠰᠠᠷ᠎ᠠ ᠰᠢᠨ᠎ᠡ ᠶᠢᠨ | ᠦᠨᠦᠷ ᠠᠮᠲᠠ ᠪᠠᠷ ᠪᠢᠯᠬᠠᠭᠤᠯᠤᠭᠰᠠᠨ ᠪᠠᠶᠢᠨ᠎ᠠ᠃ | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ | ᠲᠥᠪ | ᠣᠷᠴᠢᠭᠤᠯᠣᠨᠨᠴᠢ᠄ ᠬᠠᠶᠢᠷᠬᠠᠨ | |