ᠵᠢᠶᠠ ᠶᠤᠸᠠᠨ ᠨᠡᠶᠢᠭᠡᠮ ᠲᠣᠭᠤᠷᠢᠭ ︽ᠲᠠᠩᠰᠤᠭ ᠰᠠᠶᠢᠬᠠᠨ ᠠᠮᠠᠷᠠᠯᠲᠠ ᠳᠤ  ᠪᠠᠶᠠᠷ ᠬᠥᠷ ᠲᠠᠢ ᠦᠰᠦᠨ ᠪᠣᠶᠢᠵᠢᠶ᠎ᠠ︾ ᠭᠡᠬᠦ ᠴᠠᠭᠠᠨ ᠰᠠᠷ᠎ᠡ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/18
      2 ᠰᠠᠷ᠎ᠠ ᠶᠢᠨ 10 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠶᠠ ᠶᠤᠸᠠᠨ ᠨᠡᠶᠢᠭᠡᠮ ᠲᠣᠭᠤᠷᠢᠭ ︽ᠲᠠᠩᠰᠤᠭ ᠰᠠᠢᠬᠠᠨ ᠠᠮᠠᠷᠠᠯᠲᠠ ᠳᠤ ᠪᠠᠶᠠᠷ ᠬᠥᠷ ᠲᠠᠢ ᠦᠰᠦᠨ  ᠪᠤᠶᠢᠵᠢᠶ᠎ᠠ︾ ᠭᠡᠬᠦ ᠴᠠᠭᠠᠨ ᠰᠠᠷ᠎ᠡ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ᠃ ᠪᠠᠶᠠᠷ ᠪᠠᠶᠠᠰᠬᠤᠯᠠᠩ ᠲᠠᠢ᠂ ᠡᠶ᠎ᠡ ᠵᠣᠬᠢᠴᠠᠩᠭᠤᠢ᠂ ᠪᠠᠶᠠᠷ ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠨ ᠳᠤ ᠥᠯᠥ ᠭᠦᠷᠦᠭᠰᠡᠳ ᠤᠨ ᠢᠳᠡᠪᠬᠢᠲᠡᠶ ᠣᠷᠣᠯᠴᠠᠬᠤ ᠬᠦᠰᠡᠯ ᠰᠠᠨᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃

     ᠠᠵᠢᠯᠯᠠᠭ᠎ᠠ ᠶᠢᠨ ᠳᠤᠮᠳᠠ᠂ ᠤᠷᠠᠨ ᠰᠠᠶᠢᠬᠠᠨ ᠤ ᠲᠣᠭᠯᠠᠯᠲᠠ᠂ ᠤᠩᠰᠢᠯᠭ᠎ᠠ ᠶᠢᠨ ᠠᠵᠢᠯᠯᠠᠭ᠎ᠠ᠂ ᠣᠨᠢᠰᠤᠭ᠎ᠠ

ᠲᠠᠭᠠᠬᠤ᠂ ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠪᠠᠶᠠᠷᠯᠠᠨ ᠢᠨᠢᠶᠡᠯᠴᠡᠵᠦ᠂ ᠪᠦᠬᠦ᠋ᠢᠯᠡ ᠠᠵᠢᠯᠯᠠᠭ᠎ᠠ ᠨᠢ

ᠭᠤᠶᠢᠳᠠ ᠰᠠᠶᠢᠬᠠᠨ ᠪᠠᠶᠢᠵᠤ᠂ ᠰᠦᠷ ᠳᠠᠯᠠᠶᠢᠴᠠᠲᠠᠢ᠂ ᠲᠣᠭᠯᠠᠯᠲᠠ ᠳᠤ ᠣᠷᠣᠯᠴᠠᠭᠰᠠᠨ ᠬᠡᠦᠬᠡᠳ ᠨᠢᠭᠡᠪᠦᠷᠢ ᠴᠥᠮ

ᠥᠪᠡᠷ ᠤᠨ ᠣᠨᠴᠠᠭᠠᠢ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ

ᠬᠠᠯᠠᠭᠤᠨ ᠠᠯᠠᠭ᠎ᠠ ᠲᠠᠰᠢᠯᠳᠠ ᠶᠢ ᠬᠦᠷᠲᠡᠵᠦ᠂ ᠲᠤᠬᠠᠶ ᠶᠢᠨ ᠲᠠᠯᠠᠪᠠᠢ ᠪᠠᠶᠠᠷ ᠬᠥᠷ᠂ ᠥᠯᠵᠡᠶ ᠪᠡᠯᠭᠡ ᠲᠠᠢ ᠠᠭᠤᠷ

ᠠᠮᠢᠰᠬᠤᠯ ᠢᠶᠠᠷ ᠪᠢᠯᠬᠠᠨ᠎ᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠢᠨᠬᠤᠸᠠ ᠨᠣᠮ ᠤᠨ ᠳᠡᠯᠭᠡᠭᠦᠷ

ᠲᠤᠬᠠᠶ ᠶᠢᠨ ᠲᠠᠯᠠᠪᠤᠷ ᠤᠨ ᠪᠢᠴᠢᠬᠠᠨ ᠨᠠᠶᠢᠵᠠ ᠨᠠᠷ ᠲᠤ ᠨᠣᠮ ᠪᠡᠯᠡᠭᠯᠡᠪᠡ᠃

    ᠠᠵᠢᠯᠯᠠᠭ᠎ᠠ ᠨᠢ ᠬᠡᠦᠬᠡᠳ ᠤᠨ ᠪᠠᠶᠠᠷ ᠤᠨ ᠡᠳᠦᠷ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ

ᠦᠭᠡᠢ ᠪᠠᠰᠠ ᠲᠡᠳᠡᠨ ᠳᠤ ᠴᠠᠭᠠᠨ ᠰᠠᠷ᠎ᠠ ᠶᠢᠨ ᠤᠯᠠᠮᠵᠢᠯᠠᠯᠲᠤ ᠰᠣᠶᠣᠯ ᠪᠠ ᠵᠠᠩ ᠳᠠᠳᠬᠠᠯ ᠢ ᠨᠡᠩ ᠭᠦᠨᠵᠡᠭᠡᠢ

ᠣᠶᠢᠯᠠᠭᠠᠭᠤᠯᠪᠠ᠃ ᠪᠠᠶᠠᠷ ᠬᠥᠷ ᠤᠨ ᠲᠣᠮᠳᠡ᠂ ᠬᠡᠦᠬᠡᠳ ᠤᠳ ᠴᠠᠭᠠᠨ ᠰᠠᠷ᠎ᠠ ᠶᠢᠨ ᠠᠭᠤᠷ ᠠᠮᠢᠰᠬᠤᠯ ᠢ ᠪᠠᠶᠡᠴᠢᠯᠡᠨ

ᠣᠶᠢᠯᠠᠭᠠᠵᠤ᠂ ᠦᠨᠳᠦᠰᠦᠲᠡᠨ ᠤ ᠰᠣᠶᠣᠯ ᠢ ᠮᠡᠳᠡᠷᠡᠬᠦ ᠰᠡᠳᠬᠢᠯᠭᠡ ᠪᠠ ᠣᠮᠣᠭᠰᠢᠯᠲᠤ ᠰᠡᠳᠬᠢᠯᠭᠡ ᠪᠠᠨ

ᠨᠡᠮᠡᠭᠳᠡᠭᠦᠯᠦᠭᠰᠡᠨ ᠪᠠᠶᠢᠨ᠎ᠠ᠃

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠮᠠ ᠷᠦᠢ

ᠵᠢᠶᠧ᠄ ︽ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠭᠠᠳ ᠮᠡᠳᠡᠯᠭᠡ ᠣᠯᠵᠦ ᠰᠣᠷᠣᠨᠨᠰᠠᠨ ᠢᠶᠠᠷ ᠪᠠᠷᠠᠬᠤ ᠦᠭᠡᠢ

ᠪᠠᠰᠠ ᠪᠠᠶᠠᠷ ᠪᠠᠶᠠᠰᠤᠯ ᠢ ᠬᠦᠷᠲᠡᠭᠰᠡᠨ ᠪᠠᠶᠢᠨ᠎ᠠ︾ ᠭᠡᠵᠦ ᠪᠠᠶᠡᠷᠳᠠᠶᠢᠬᠠᠨ ᠬᠡᠯᠡᠨ᠎ᠡ᠃

    ᠵᠢᠶᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠷᠦᠢ ᠹᠧᠩ᠄  ︽ᠡᠲᠡᠭᠡᠷ

ᠪᠠᠶᠠᠯᠢᠭ ᠰᠠᠶᠢᠬᠠᠨ ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠳ ᠪᠠᠶᠠᠷ ᠬᠥᠷ ᠲᠠᠢ ᠠᠮᠠᠷᠠᠯᠲᠠ ᠪᠠᠨ

ᠥᠩᠭᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠴᠠᠭᠠᠨ ᠰᠠᠷ᠎ᠠ ᠶᠢᠨ ᠤᠯᠠᠮᠵᠢᠯᠠᠯᠲᠤ ᠰᠣᠶᠣᠯ ᠪᠠ ᠵᠠᠩ ᠳᠠᠳᠬᠠᠯ ᠢ

ᠨᠠᠩ ᠭᠦᠨᠵᠡᠭᠡᠶ ᠣᠶᠢᠯᠠᠭᠠᠪᠠ᠃  ᠬᠡᠦᠬᠡᠳ ᠤᠳ ᠠᠮᠠᠷᠠᠯᠲᠠ ᠳᠤ ᠮᠡᠳᠡᠯᠭᠡ ᠬᠦᠷᠲᠡᠵᠦ᠂ ᠪᠠᠶᠠᠷ ᠬᠥᠷ ᠲᠠᠢ ᠦᠰᠦᠨ

ᠪᠣᠶᠢᠵᠢᠵᠦ᠂ ᠨᠠᠩ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ

ᠬᠤᠭᠤᠴᠠᠭ᠎ᠠ ᠪᠠᠨ ᠤᠭᠲᠤᠨ᠎ᠠ᠃

     

         ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ

         ᠤᠷᠴᠢᠭᠤᠯᠤᠨ ᠨᠠᠶᠢᠷᠠᠭᠤᠯᠤᠭᠴᠢ᠄ ᠪᠣᠣ ᠬᠤᠩ ᠯᠢᠶᠠᠩ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号