2 ᠰᠠᠷ᠎ᠠ ᠶᠢᠨ 17 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ | ᠳᠠᠷᠤᠭ᠎ᠠ ᠶᠠᠩ ᠯᠢ ᠮᠧᠶ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠱᠢ ᠢ ᠫᠧᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠤᠳᠤᠷᠢᠳᠬᠤ ᠪᠠᠭ ᠤᠨ ᠪᠥᠬᠦ ᠪᠦᠷᠢᠯᠳᠦᠬᠦᠨ ᠣᠷᠣᠯᠴᠠᠵᠠᠶ᠃ | | | | | ᠬᠤᠷᠠᠯ ᠠᠴᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ 12345 ᠬᠠᠯᠠᠮᠰᠢᠯ ᠤᠲᠠᠰᠤ ᠶᠢᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢᠨ ᠭᠤᠣᠯᠳᠠᠯᠭ᠎ᠠ ᠲᠠᠢ | ᠬᠦᠷᠢᠶ᠎ᠡ ᠶᠢ ᠰᠠᠶᠢᠲᠤᠷ ᠠᠩᠬᠠᠷᠴᠤ᠂ ᠬᠠᠯᠠᠮᠰᠢᠯ ᠤᠲᠠᠰᠤ ᠪᠠᠷ ᠰᠢᠢᠳᠪᠦᠷᠢᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢ ᠵᠠᠰᠠᠭ ᠤᠨ ᠣᠷᠳᠣᠨ ᠬᠢᠭᠡᠳ ᠣᠯᠠᠨ ᠲᠦᠮᠡᠨ ᠤ ︽ᠰᠡᠳᠬᠢᠯ ᠤᠨ ᠬᠥᠭᠦᠷᠭᠡ︾ | ᠂ ᠨᠡᠶᠢᠭᠡᠮ ᠤᠨ ᠲᠣᠭᠲᠠᠭᠤᠨ ᠤ ︽ᠬᠠᠮᠠᠭᠠᠯᠠᠯᠲᠠ ᠶᠢᠨ ᠰᠦᠯᠵᠢᠶ᠎ᠡ︾ ᠪᠣᠯᠭᠠᠬᠤ ᠬᠡᠷᠡᠭᠲᠡᠢ᠃ ᠵᠠᠩᠭᠢᠯᠠᠭ᠎ᠠ ᠶᠢᠨ | ᠭᠤᠭᠴᠤᠭ᠎ᠠ ᠶᠢᠨ ᠭᠤᠣᠯᠳᠠᠯᠭ᠎ᠠ ᠲᠠᠢ ᠬᠦᠷᠢᠶ᠎ᠡ ᠶᠢ ᠰᠠᠶᠢᠲᠤᠷ ᠠᠩᠬᠠᠷᠴᠤ᠂ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠩ ᠲᠦᠷᠭᠡᠨ᠂ | ᠨᠠᠩ ᠣᠨᠣᠪᠴᠢᠲᠠᠶ᠂ ᠨᠠᠩ ᠰᠠᠶᠢᠲᠤᠷ ᠵᠣᠯᠭᠠᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ | ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠵᠦ᠂ ᠪᠥᠬᠦ ᠬᠤᠰᠢᠭᠤ ᠪᠠᠷ ᠢᠶᠠᠨ ᠬᠤᠯᠪᠣᠭᠠᠯᠠᠨ | ᠬᠥᠳᠡᠯᠦᠯᠴᠡᠵᠦ ᠬᠠᠯᠠᠮᠰᠢᠯ ᠤᠲᠠᠰᠤ ᠶᠢ ᠨᠢᠭᠲᠠ ᠰᠦᠯᠵᠢᠬᠦ ᠠᠵᠢᠯ ᠤᠨ ︽ᠨᠢᠭᠡ ᠲᠣᠤᠷ︾ ᠢ ᠪᠠᠲᠤ ᠪᠠᠬᠢ | ᠰᠦᠯᠵᠢᠵᠦ᠂ ᠣᠯᠠᠨ ᠲᠦᠮᠡᠨ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠷ᠎ᠡ ᠪᠦᠲᠦᠮᠵᠢ ᠶᠢᠨ ᠳᠡᠭᠡᠭᠰᠢᠯᠡᠯᠲᠡ ᠪᠠ ᠬᠤᠪᠢᠷᠠᠯᠲᠠ ᠶᠢ ᠦᠨᠡᠨ ᠬᠦ ᠮᠡᠳᠡᠷᠡᠭᠦᠯᠵᠦ᠂ | ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠵᠠᠰᠠᠭ ᠤᠨ ᠣᠷᠳᠣᠨ ᠤ ᠡᠭᠦᠷᠭᠡᠯᠡᠯ ᠢ | ᠢᠯᠡᠷᠡᠭᠦᠯᠵᠦ᠂ ᠣᠯᠠᠨ ᠲᠦᠮᠡᠨ ᠤ ᠤᠴᠢᠷ ᠶᠠᠪᠤᠳᠠᠯ ᠢ ᠰᠠᠶᠢᠲᠤᠷ ᠰᠢᠢᠳᠪᠦᠷᠢᠯᠡᠵᠦ᠂ ᠬᠠᠯᠠᠮᠰᠢᠯ ᠤᠲᠠᠰᠤᠨ ᠤ | ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠵᠦ | ᠭᠠᠷᠭᠠᠪᠠ᠃ | ᠬᠤᠷᠠᠯ ᠠᠴᠠ 2024 ᠣᠨ ᠤ ᠪᠥᠬᠦ ᠬᠤᠰᠢᠭᠤᠨ ᠤ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠪᠡ᠃ ᠰᠣᠶᠣᠯ | ᠵᠢᠭᠤᠯᠴᠢᠯᠠᠯ ᠤᠨ ᠲᠣᠪᠴᠢᠶ᠎ᠠ᠂ ᠬᠥᠬᠡᠪᠦᠷ ᠪᠠᠯᠭᠠᠰᠤᠨ ᠤ ᠬᠠᠷᠢᠭᠤᠴᠠᠯᠭᠠᠲᠠᠨ ᠲᠤᠷᠰᠢᠯᠭ᠎ᠠ ᠰᠣᠯᠢᠯᠴᠠᠬᠤ ᠶᠠᠷᠢᠶ᠎ᠠ | ᠲᠠᠯᠪᠢᠪᠠ᠃ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ | ᠪᠡᠯᠡ ᠣᠷᠣᠭᠤᠯᠤᠯᠲᠠ ᠶᠢᠨ ᠺᠣᠮᠫᠠᠨᠢ᠂ ᠬᠤᠩ ᠫᠠᠨ ᠰᠢᠶᠠᠩ ᠤᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ | ᠬᠡᠯᠡᠪᠡ᠃ | | | ᠰᠤᠷᠪᠤᠯᠵᠢᠯᠠᠭᠴᠢ᠄ ᠸᠠᠩ ᡁᠢ ᠹᠠᠩ ᠵᠠᠩ ᠰᠢᠶᠤᠤ ᠳ᠋ᠦᠩ | ᠣᠷᠴᠢᠭᠤᠯᠣᠨᠨᠴᠢ᠄ ᠭᠧ ᠲᠣᠸᠠᠨ ᠯᠢᠶᠡᠨ | |