2 ᠰᠠᠷ᠎ᠠ ᠶᠢᠨ 17 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠣᠷᠳᠣᠨ ᠤ | ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠠᠩ ᠯᠢ ᠮᠧᠶ᠂ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠱᠢ ᠢ ᠫᠧᠩ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠥᠬᠦ ᠪᠦᠷᠢᠯᠳᠦᠬᠦᠨ ᠬᠤᠷᠡᠯ ᠳᠤ | ᠣᠷᠣᠯᠴᠠᠵᠠᠶ᠃ | | | | | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠭᠦᠨᠵᠡᠭᠡᠶᠢᠷᠡᠭᠦᠯᠵᠦ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠵᠠᠰᠠᠭ ᠤᠨ | ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ | ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠨᠡᠩ | ᠬᠦᠴᠦᠲᠡᠢ ᠠᠷᠭ᠎ᠠ ᠬᠡᠮᠵᠢᠶ᠎ᠡ ᠪᠠᠷ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ | ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠳᠬᠤᠵᠤ᠂ ︽ | ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢᠨ ᠲᠣᠭᠤᠷᠢᠨ ᠳᠤ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ | ᠤᠷᠢᠳᠴᠢᠯᠠᠨ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠤᠨᠢᠨ ᠳᠡᠭᠡᠷ᠎ᠡ ᠨᠢ ᠬᠦᠴᠦᠯᠡᠵᠦ ᠪᠠᠶᠢᠭᠠᠳ | ᠠᠷᠠᠯᠵᠢᠶᠠᠴᠢᠨ ᠤᠷᠢᠬᠤ ᠶᠢ ᠠᠳᠬᠤᠵᠤ᠂ ᠳᠠᠪᠠᠭᠤᠯᠢᠭ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠨᠢᠭᠡ | ᠪᠦᠯᠦᠭ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠲᠦᠷᠦᠯ ᠵᠦᠢᠯ ᠢ ᠣᠷᠣᠭᠤᠯᠤᠨ ᠠᠪᠴᠢᠷᠠᠵᠤ | ᠨᠠᠶᠢᠳᠠᠪᠤᠷᠢᠵᠢᠭᠤᠯᠪᠠ᠃ ᠴᠢᠳᠠᠪᠤᠷᠢ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠵᠦ ᠠᠵᠤ ᠦᠢᠯᠡᠰ ᠢ | ᠠᠳᠬᠤᠵᠤ᠂ ᠳᠠᠪᠠᠭᠤᠯᠢᠭ ᠭᠤᠣᠯᠯᠠᠬᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ | ᠬᠡᠷᠡᠭᠲᠡᠢ᠃ ᠬᠡᠷᠡᠭᠯᠡᠭᠡᠨ ᠤ ᠳᠠᠯᠳᠠ ᠬᠦᠴᠦᠨ ᠢ ᠭᠦᠨ ᠠᠭᠤᠳᠠᠯᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ | ᠬᠡᠷᠡᠭᠯᠡᠭᠡ ᠶᠢ ᠥᠷᠭᠡᠳᠬᠡᠵᠦ᠂ ᠶᠡᠭᠡ ᠬᠡᠮᠵᠢᠶᠡᠨ ᠤ ᠬᠡᠷᠡᠭᠯᠡᠭᠡ ᠶᠢ ᠰᠢᠨᠡᠳᠬᠡᠨ ᠲᠠᠰ ᠳᠡᠪᠰᠢᠭᠦᠯᠬᠦ ᠶᠢ ᠠᠬᠢᠭᠤᠯᠬᠤ | ᠬᠡᠷᠡᠭᠲᠡᠢ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ | ᠳᠡᠭᠡᠭᠰᠢᠯᠡᠭᠦᠯᠬᠦ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭᠠᠨ ᠤ | ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠢᠮᠠᠭᠲᠠ ᠠᠮᠤᠷ ᠲᠦᠪᠰᠢᠨ ᠢ | ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ | ᠬᠦ ᠠᠬᠢᠭᠤᠯᠬᠤ ᠬᠡᠷᠡᠭᠲᠡᠶ᠃ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠰᠤᠷᠲᠠᠯ ᠢᠶᠠᠨ ᠳᠠᠪᠲᠠᠨ | ᠪᠣᠯᠪᠠᠰᠤᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠬᠤᠶᠠᠷ ᠶᠡᠭᠡ | ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠳᠡᠭᠡᠷ᠎ᠡ᠂ ᠬᠥᠬᠡᠪᠦᠷ ᠪᠠᠯᠭᠠᠰᠤ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠠᠴᠠ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ︔ ᠬᠤᠷᠠᠯ ᠠᠴᠠ ᠠᠶᠤᠯᠭᠦᠢ | ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | | | ᠰᠤᠷᠪᠤᠯᠵᠢᠯᠠᠭᠴᠢ᠄ ᠸᠠᠩ ᡁᠢ ᠹᠠᠩ ᠵᠠᠩ ᠰᠢᠶᠤᠤ ᠳ᠋ᠦᠩ | ᠣᠷᠴᠢᠭᠤᠯᠣᠨᠨᠴᠢ᠄ ᠭᠧ ᠲᠣᠸᠠᠨ ᠯᠢᠶᠡᠨ | | |