ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠣᠷᠳᠣᠨ ᠤ ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
     2 ᠰᠠᠷ᠎ᠠ ᠶᠢᠨ 17 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠣᠷᠳᠣᠨ ᠤ ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠠᠩ ᠯᠢ ᠮᠧᠶ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠱᠢ ᠢ ᠫᠧᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠥᠬᠦ ᠪᠦᠷᠢᠯᠳᠦᠬᠦᠨ ᠬᠤᠷᠡᠯ ᠳᠤ ᠣᠷᠣᠯᠴᠠᠵᠠᠶ᠃

     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ

ᠲᠠᠨᠢᠯᠲᠠ ᠪᠠᠨ ᠭᠦᠨᠵᠡᠭᠡᠶᠢᠷᠡᠭᠦᠯᠵᠦ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠵᠠᠰᠠᠭ ᠤᠨ ᠣᠷᠳᠣᠨ ᠤ

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ

ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠨᠡᠩ ᠬᠦᠴᠦᠲᠡᠢ ᠠᠷᠭ᠎ᠠ

ᠬᠡᠮᠵᠢᠶ᠎ᠡ ᠪᠠᠷ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ

ᠡᠰᠡᠷᠭᠦᠴᠡᠬᠦ ᠲᠡᠮᠡᠴᠡᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

     ᠬᠤᠷᠠᠯ ᠠᠴᠠ᠂ ᠢᠲᠡᠭᠡᠯ ᠵᠣᠷᠢᠭ ᠢᠶᠠᠨ ᠪᠠᠲᠤᠳᠬᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ

ᠴᠢᠷᠮᠠᠶᠢᠯᠭ᠎ᠠ ᠭᠠᠷᠭᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ

ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠢ ᠪᠦᠬᠦ ᠬᠦᠴᠦᠨ  ᠢᠶᠠᠷ  ᠢᠶᠠᠨ ᠠᠳᠬᠤᠵᠤ᠂ ︽ᠵᠢᠷᠭᠤᠭᠠᠨ  

ᠠᠵᠢᠯᠯᠠᠭ᠎ᠠ︾ ᠶᠢ ᠥᠷᠨᠢᠭᠦᠯᠬᠦ ᠶᠢᠨ ᠲᠣᠭᠤᠷᠢᠨ ᠳᠤ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠤᠷᠢᠳᠴᠢᠯᠠᠨ

ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠤᠨᠢᠨ ᠳᠡᠭᠡᠷ᠎ᠡ ᠨᠢ ᠬᠦᠴᠦᠯᠡᠵᠦ ᠪᠠᠶᠢᠭᠠᠳ ᠠᠷᠠᠯᠵᠢᠶᠠᠴᠢᠨ ᠤᠷᠢᠬᠤ ᠶᠢ

ᠠᠳᠬᠤᠵᠤ᠂ ᠳᠠᠪᠠᠭᠤᠯᠢᠭ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠨᠢᠭᠡ ᠪᠦᠯᠦᠭ ᠬᠡᠯᠬᠢᠶ᠎ᠡ ᠶᠢ ᠤᠷᠲᠤᠳᠬᠠᠨ

ᠬᠡᠯᠬᠢᠶ᠎ᠡ ᠶᠢ ᠨᠥᠬᠦᠪᠥᠷᠢᠯᠡᠬᠦ ᠲᠦᠷᠦᠯ ᠵᠦᠢᠯ ᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠪᠠ᠃ ᠴᠢᠳᠠᠪᠤᠷᠢ ᠪᠠᠨ

ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠵᠦ ᠠᠵᠤ ᠦᠢᠯᠡᠰ ᠢ ᠠᠳᠬᠤᠵᠤ᠂ ᠳᠠᠪᠠᠭᠤᠯᠢᠭ ᠭᠤᠣᠯᠯᠠᠬᠤ ᠠᠵᠤ ᠦᠢᠯᠡᠰ ᠢ

ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠬᠡᠷᠡᠭᠯᠡᠭᠡᠨ ᠤ ᠳᠠᠯᠳᠠ ᠬᠦᠴᠦᠨ ᠢ ᠭᠦᠨ ᠠᠭᠤᠳᠠᠯᠵᠤ᠂

ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠵᠦ᠂ ᠶᠡᠭᠡ ᠬᠡᠮᠵᠢᠶᠡᠨ ᠤ ᠬᠡᠷᠡᠭᠯᠡᠭᠡ ᠶᠢ ᠰᠢᠨᠡᠳᠬᠡᠨ

ᠲᠠᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠴᠢᠨ ᠲᠠᠷᠢᠶᠠᠴᠢᠨ ᠤ

ᠣᠷᠣᠯᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ

ᠬᠤᠭᠤᠴᠠᠭᠠᠨ ᠤ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠢᠮᠠᠭᠲᠠ ᠠᠮᠤᠷ

ᠲᠦᠪᠰᠢᠨ ᠢ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠦᠵᠡᠯ

ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ

ᠠᠬᠢᠭᠤᠯᠬᠤ ᠬᠡᠷᠡᠭᠲᠡᠶ᠃ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠰᠤᠷᠲᠠᠯ ᠢᠶᠠᠨ ᠳᠠᠪᠲᠠᠨ

ᠪᠣᠯᠪᠠᠰᠤᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠬᠤᠶᠠᠷ ᠶᠡᠭᠡ ᠶᠠᠪᠤᠳᠠᠯ ᠢ

ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ ᠳᠡᠭᠡᠷ᠎ᠡ᠂ ᠬᠥᠬᠡᠪᠦᠷ ᠪᠠᠯᠭᠠᠰᠤ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ

ᠤᠬᠠᠭᠠᠨ ᠤ ᠲᠣᠪᠴᠢᠶ᠎ᠠ ᠠᠴᠠ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ︔ ᠬᠤᠷᠠᠯ ᠠᠴᠠ ᠠᠶᠤᠯᠭᠦᠢ

ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃

 

     

          ᠰᠤᠷᠪᠤᠯᠵᠢᠯᠠᠭᠴᠢ᠄ ᠸᠠᠩ ᡁᠢ ᠹᠠᠩ     ᠵᠠᠩ ᠰᠢᠶᠤᠤ ᠳ᠋ᠦᠩ

          ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号