ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠴᠠᠭᠠᠨ ᠰᠠᠷ᠎ᠠ ᠶᠢᠨ ᠪᠠᠶᠠᠷ ᠢ ᠬᠠᠮᠠᠭᠠᠯᠠᠵᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2025/2/7
    ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠴᠠᠭᠠᠨ ᠰᠠᠷ᠎ᠠ ᠶᠢᠨ ᠪᠠᠶᠠᠷ ᠢ ᠬᠠᠮᠠᠭᠠᠯᠠᠵᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ︾ ᠦᠷᠨᠢᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠪᠠᠶᠠᠷ ᠤᠨ ᠡᠳᠦᠷ ᠠᠴᠠ ᠡᠮᠦᠨᠡᠬᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠭᠤᠤᠯᠳᠠᠯᠭ᠎ᠠ ᠲᠠᠢ ᠬᠦᠷᠢᠶᠡᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠦᠨᠡᠨ ᠬᠦ ᠬᠠᠮᠠᠭᠠᠯᠠᠵᠤ᠂ ᠠᠷᠠᠳ ᠣᠯᠠᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠪᠠ᠃

     ᠬᠠᠤᠯᠢ ᠬᠡᠷᠡᠭᠵᠢᠭᠦᠯᠬᠦ ᠠᠵᠢᠯᠲᠠᠨ ᠭᠤᠤᠯᠳᠠᠭᠤ ᠬᠦᠮᠦᠨ ᠣᠯᠡᠨᠳᠡᠢ ᠬᠤᠳᠠᠯᠳᠤᠭᠠᠨ ᠤ ᠬᠡᠲᠦ ᠳᠡᠯᠭᠡᠭᠦᠷ᠂

ᠢᠳᠡᠭᠡᠨ ᠤᠮᠳᠠᠭᠠᠨ ᠤ ᠳᠡᠯᠭᠡᠭᠦᠷ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠵᠢᠵᠢᠭᠯᠡᠨ ᠬᠤᠳᠠᠯᠳᠤᠬᠤ

ᠳᠡᠯᠭᠡᠭᠦᠷ ᠵᠡᠷᠭᠡ ᠣᠷᠣᠨ ᠪᠦᠰᠡ ᠳᠤ ᠴᠢᠭᠯᠡᠭᠦᠯᠦᠨ᠂ ᠣᠯᠠᠨ ᠲᠦᠮᠡᠨ ᠤ ᠠᠩᠬᠠᠷᠴᠤ ᠪᠠᠶᠢᠭ᠎ᠠ ᠢᠳᠡᠭᠡᠨ ᠤ ᠠᠮᠤᠷ

ᠲᠦᠪᠰᠢᠨ᠂ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ᠂ ᠲᠠᠸᠠᠷ ᠤᠨ ᠦᠨ᠎ᠡ ᠬᠠᠩᠰᠢ᠂ ᠡᠮ ᠤᠨ ᠵᠦᠢᠯ

ᠡᠮᠴᠢᠯᠡᠭᠡᠨ ᠤ ᠪᠠᠭᠠᠵᠢ ᠬᠡᠷᠡᠭᠰᠡᠯ ᠢ ᠵᠢᠵᠢᠭᠯᠡᠨ ᠬᠤᠳᠠᠯᠳᠤᠬᠤ ᠵᠡᠷᠭᠡ ᠶᠢᠨ ᠲᠣᠭᠤᠷᠢᠨ ᠳᠤ ᠭᠤᠤᠯᠳᠠᠯᠭ᠎ᠠ ᠲᠠᠢ

ᠪᠠᠶᠢᠴᠠᠭᠠᠯᠲᠠ ᠬᠢᠪᠠ᠃ ᠡᠵᠡᠩᠨᠡᠯᠲᠡ ᠶᠢᠨ ᠭᠤᠣᠯ ᠴᠣᠭᠴᠠ ᠶᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ

ᠴᠢᠩᠭᠠᠳᠬᠠᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠨ ᠡᠵᠡᠩᠨᠡᠵᠦ᠂ ᠡᠷᠬᠡ ᠲᠡᠭᠰᠢ ᠪᠠᠷ ᠵᠠᠬ᠎ᠠ

ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠬᠡᠷᠡᠭᠯᠡᠭᠴᠢᠳ ᠢ ᠪᠠᠶᠠᠷ ᠪᠠᠶᠠᠰᠬᠤᠯᠠᠩ ᠲᠠᠢ᠂ ᠭᠦᠷ ᠬᠦᠭᠵᠢᠶᠡᠨ ᠲᠠᠢ

ᠴᠠᠭᠠᠨ ᠰᠠᠷ᠎ᠠ ᠶᠢᠨ ᠠᠮᠠᠷᠠᠯᠲᠠ ᠪᠠᠨ ᠦᠩᠭᠡᠷᠡᠭᠦᠯᠥᠭᠡᠷᠡᠢ ᠭᠡᠪᠡ᠃

     ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠬᠡᠷᠡᠭᠵᠢᠭᠦᠯᠬᠦ ᠪᠠ ᠦᠢᠯᠡᠴᠢᠯᠡᠬᠦ ᠶᠢ ᠤᠶᠠᠯᠳᠤᠭᠤᠯᠬᠤ ᠶᠢ

ᠪᠠᠷᠢᠮᠲᠠᠯᠠᠵᠤ᠂ ᠬᠤᠯᠪᠣᠭᠳᠠᠯ ᠪᠦᠬᠦᠢ ᠬᠦᠷᠢᠶᠡᠨ ᠤ ᠡᠵᠡᠩᠨᠡᠯᠲᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠪᠠᠶᠢᠴᠠᠭᠠᠵᠤ᠂

ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠠᠷᠠᠳ ᠤᠯᠠᠨ ᠢ ᠰᠠᠨᠠᠭ᠎ᠠ

ᠠᠮᠤᠷ ᠬᠤᠳᠠᠯᠳᠤᠨ ᠠᠪᠬᠤ᠂ ᠰᠠᠨᠠᠭ᠎ᠠ ᠠᠮᠤᠷ ᠢᠳᠡᠬᠦ᠂ ᠬᠡᠷᠡᠭᠯᠡᠬᠦ ᠳᠤ ᠲᠠᠭᠠᠯᠠᠮᠵᠢᠲᠠᠢ  ᠪᠠᠶᠢᠯᠭᠠᠵᠦ᠂ ᠪᠠᠰᠠ ᠡᠯ᠎ᠡ

ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠣᠳᠠᠲᠤ ᠪᠠᠶᠢᠳᠠᠯ ᠢ ᠪᠣᠳᠣᠯᠬᠢᠯᠠᠵᠤ᠂ ᠠᠰᠠᠭᠤᠳᠠᠯ ᠢ

ᠬᠠᠪᠰᠤᠷᠤᠨ ᠡᠷᠢᠵᠦ᠂ ᠠᠶᠤᠯ ᠲᠦᠭᠰᠢᠭᠦᠷᠢ ᠠᠴᠠ ᠵᠠᠶᠢᠯᠠᠰᠬᠢᠵᠦ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ᠂

ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠡᠭᠦᠯ  ᠂ ᠲᠣᠭᠲᠠᠭᠤᠨ ᠪᠠ ᠰᠠᠶᠢᠨ ᠬᠥᠭᠵᠢᠯᠲᠡ ᠲᠠᠢ ᠪᠤᠯᠭᠠᠪᠠ᠃ ︽

ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠬᠦ︾ ᠠᠵᠢᠯ ᠤᠨ ᠣᠶᠢᠯᠠᠭᠠᠭᠳᠠᠬᠤᠨ ᠢ ᠠᠵᠢᠯᠯᠠᠭ᠎ᠠ ᠶᠢᠨ ᠡᠯ᠎ᠡ

ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠪᠠ᠃

   

            ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ

ᠲᠥᠪ

           ᠣᠷᠴᠢᠭᠤᠯᠣᠨᠨᠴᠢ᠄ ᠬᠠᠶᠢᠷᠬᠠᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号