ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤ᠄ ᠨᠠᠮ ᠤᠨ ᠪᠠᠶᠢᠭᠤᠯᠤᠯᠲᠠ ᠶᠢ ᠲᠡᠭᠡᠭᠰᠢᠯᠡᠬᠦᠯᠵᠦ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠬᠢ ᠶᠢ ᠬᠥᠲᠥᠯᠥᠨ  ᠲᠠᠭᠠᠭᠤᠯᠣᠨ᠎ᠠ
ᠨᠡᠶᠢᠲᠡᠯᠡᠭᠰᠡᠨ ᠴᠠᠭ᠄
2025/3/21
        ᠦᠨᠳᠦᠰᠦᠨ ᠱᠠᠲᠤ ᠪᠣᠯ ᠠᠯᠢᠪᠠ ᠠᠵᠢᠯ ᠤᠨ ᠵᠣᠭᠰᠣᠴᠠ ᠮᠥᠨ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠡᠷᠬᠡᠪᠰᠢ ᠬᠤᠲᠠ ᠬᠥᠳᠡᠭᠡ᠂ ᠨᠡᠶᠢᠭᠡᠮ ᠲᠣᠭᠤᠷᠢᠭ  ᠲᠤ  ᠬᠦᠷᠲᠡᠯ᠎ᠡ  ᠨᠠᠶᠢᠳᠠᠪᠤᠷᠢᠵᠢᠭᠤᠯᠬᠤ ᠬᠡᠷᠡᠭᠲᠡᠶ᠃      ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠵᠠᠰᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠳᠤ ᠵᠣᠬᠢᠴᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠰᠢᠯᠢᠳᠡᠭᠵᠢᠭᠦᠯᠦᠨ᠎ᠡ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠪᠣᠯ ᠳᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠤᠯᠤᠰ ᠲᠦᠷᠦ ᠶᠢᠨ ᠴᠢᠳᠠᠮᠵᠢ ᠶᠢ ᠴᠢᠩᠭᠠᠳᠬᠠᠵᠤ᠂ ᠤᠳᠤᠷᠢᠳᠬᠤ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ᠂ ᠡᠯ᠎ᠡ ᠲᠠᠯ᠎ᠠ ᠶᠢᠨ ᠬᠦᠴᠦᠨ᠂ ᠡᠯ᠎ᠡ ᠵᠦᠢᠯ ᠤᠨ ᠠᠵᠢᠯ᠂ ᠡᠯ᠎ᠡ ᠵᠦᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯᠤᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠵᠠᠪᠰᠠᠷ ᠦᠭᠡᠢ ᠵᠣᠯᠭᠠᠭᠤᠯᠵᠤ᠂ ᠠᠭᠤᠰᠤᠯᠴᠠᠭᠤᠯᠤᠨ ᠬᠦᠴᠦᠯᠡᠬᠦ ᠶᠢ ᠠᠬᠢᠭᠤᠯᠬᠤ ᠶᠠᠪᠤᠳᠠᠯ ᠪᠣᠯᠤᠨ᠎ᠠ᠃ ᠬᠥᠳᠡᠭᠡ ᠲᠣᠰᠬᠤᠨ ᠳᠤ᠂ ᠵᠠᠰᠠᠭ ᠵᠠᠬᠢᠷᠭᠠᠨ ᠤ ᠲᠣᠰᠬᠤᠨ ᠢᠶᠠᠷ ᠦᠨᠳᠦᠰᠦᠨ ᠨᠢᠭᠡᠴᠢ ᠪᠣᠯᠭᠠᠨ ᠵᠢᠷᠤᠮᠵᠢᠯ ᠲᠠᠢ ᠨᠠᠮ ᠤᠨ ᠵᠣᠬᠢᠶᠠᠨ ᠪᠠᠶᠢᠭᠤᠯᠤᠯᠲᠠ ᠲᠣᠬᠢᠷᠠᠭᠤᠯᠬᠤ ᠶᠢ ᠪᠠᠷᠢᠮᠲᠠᠯᠠᠬᠤ ᠬᠡᠷᠡᠭᠲᠡᠶ᠃ ᠬᠤᠳᠠ ᠳᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠦᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠵᠢᠵᠢᠭ ᠲᠣᠭᠤᠷᠢᠭ ᠤᠨ ᠨᠠᠮ ᠤᠨ ᠡᠭᠦᠷ ᠢ ᠰᠦᠪᠡᠭᠴᠢᠯᠡᠨ ᠪᠠᠶᠢᠭᠤᠯᠤᠨ᠎ᠠ᠃ ᠲᠣᠣᠷᠵᠢᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠵᠦ᠂ ᠨᠠᠮ ᠤᠨ ᠭᠡᠰᠢᠭᠦᠨ ᠤ ᠡᠩᠨᠡᠭᠡ᠂ ᠰᠠᠭᠤᠷᠢ ᠲᠣᠣᠷᠵᠢᠯ᠂ ᠠᠵᠢᠯ ᠤᠨ ᠡᠭᠦᠷᠭᠡ ᠬᠠᠷᠢᠭᠤᠴᠠᠯᠭ᠎ᠠ᠂ ᠠᠵᠢᠯ ᠤᠨ ᠶᠠᠪᠤᠴᠠ᠂ ᠮᠡᠳᠡᠭᠡ ᠵᠠᠩᠭᠢ ᠶᠢᠨ ᠲᠠᠪᠴᠠᠩ ᠤᠨ ᠠᠭᠤᠰᠤᠯᠴᠠᠯ ᠢ ᠠᠬᠢᠭᠤᠯᠵᠤ᠂ ᠪᠠᠭ᠎ᠠ ᠶᠠᠪᠤᠳᠠᠯ ᠢ ᠲᠣᠣᠷᠵᠢᠯ ᠳᠤ ᠭᠠᠷᠭᠠᠬᠤ ᠦᠭᠡᠢ᠂ ᠶᠡᠭᠡ ᠶᠠᠪᠤᠳᠠᠯ ᠢ ᠲᠣᠰᠬᠤᠨ ᠪᠠ ᠨᠡᠶᠢᠭᠡᠮ ᠲᠣᠭᠤᠷᠢᠭ ᠠᠴᠠ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃     ᠦᠨᠳᠦᠰᠦᠨ ᠱᠠᠲᠤᠨ ᠤ ᠵᠠᠰᠠᠯᠲᠠ ᠶᠢᠨ ᠤᠳᠤᠷᠢᠳᠬᠤ ᠪᠠᠶᠢᠭᠤᠯᠤᠯ ᠪᠠ ᠠᠵᠢᠯ ᠤᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠬᠡᠷᠡᠭᠲᠡᠢ᠂ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠨᠡ ᠬᠦ ᠬᠥᠳᠡᠯᠭᠡᠬᠦ ᠬᠦᠴᠦᠨ ᠤ ᠡᠬᠢ ᠪᠤᠯᠠᠭ ᠢ ᠬᠥᠭᠵᠢᠭᠡᠵᠦ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠲᠥᠯᠦᠮᠵᠢ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠢ᠃ ᠤᠳᠤᠷᠢᠳᠬᠤ ᠪᠠᠶᠢᠭᠤᠯᠤᠮᠵᠢ ᠶᠢ ᠰᠢᠨᠡᠳᠬᠡᠨ᠎ᠡ᠃ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ ᠰᠢᠰᠲ᠋ᠧᠮ ᠲᠠᠢ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠶᠡᠷᠦᠩᠬᠡᠢ ᠰᠡᠳᠬᠢᠴᠡ᠂ ᠪᠠᠶᠢᠭᠤᠯᠤᠯ ᠤᠨ ᠪᠦᠲᠦᠴᠡ᠂ ᠲᠦᠷᠦ ᠶᠢᠨ ᠪᠤᠳᠤᠯᠭ᠎ᠠ ᠶᠢᠨ ᠲᠤᠯᠭᠠᠭᠤᠷᠢᠯᠠᠯ ᠪᠠ ᠭᠤᠣᠯᠳᠠᠯᠭ᠎ᠠ ᠲᠠᠢ ᠡᠭᠦᠷᠭᠡ ᠶᠢ ᠲᠥᠯᠥᠪᠵᠢᠭᠦᠯᠦᠨ ᠲᠣᠭᠲᠠᠭᠠᠵᠤ᠂ ᠲᠥᠪᠯᠡᠷᠡᠩᠭᠦᠢ ᠨᠢᠭᠡᠳᠦᠯᠲᠡᠢ᠂ ᠨᠢᠭᠡᠳᠦᠯᠲᠡᠢ ᠲᠥᠯᠥᠪᠵᠢᠭᠦᠯᠦᠨ ᠡᠮᠬᠢ ᠵᠢᠷᠤᠮ ᠲᠠᠢ᠂ ᠵᠣᠬᠢᠴᠠᠩᠭᠤᠢ ᠬᠦᠴᠦᠲᠡᠢ ᠤᠳᠤᠷᠢᠳᠬᠤ ᠲᠣᠭᠲᠠᠴᠠ ᠶᠢ ᠪᠦᠷᠢᠯᠳᠦᠭᠦᠯᠦᠨ᠎ᠡ᠃ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠳᠤ ᠵᠣᠬᠢᠶᠠᠨ ᠪᠠᠶᠢᠭᠤᠯᠤᠯᠲᠠ᠂ ᠲᠠᠪᠴᠠᠩ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠵᠡᠷᠭᠡ ᠲᠠᠯ᠎ᠠ ᠪᠠᠷ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠵᠠᠰᠠᠯᠲᠠ ᠶᠢᠨ ᠭᠤᠣᠯ ᠴᠣᠭᠴᠠ ᠶᠢ ᠤᠯᠠᠨ ᠨᠡᠶᠢᠲᠡ ᠶᠢᠨ ᠬᠡᠷᠡᠭ ᠶᠠᠪᠤᠳᠠᠯ ᠲᠠᠢ ᠪᠦᠲᠦᠮᠵᠢᠲᠡᠢ ᠬᠠᠮᠵᠢᠯᠴᠠᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠴᠢᠬᠤᠯᠠ ᠠᠷᠭ᠎ᠠ ᠬᠡᠯᠪᠡᠷᠢ ᠪᠣᠯ ᠳᠠᠷᠤᠶ ᠪᠦᠲᠦᠮᠵᠢᠲᠡᠶ ᠨᠡᠶᠢᠳᠬᠡᠵᠦ᠂ ᠠᠳᠠᠯᠢ ᠪᠤᠰᠤ ᠵᠠᠰᠠᠯᠲᠠ ᠶᠢᠨ ᠭᠤᠤᠯ ᠴᠣᠭᠴᠠ ᠨᠢ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠎ᠡ᠃ ᠵᠠᠰᠠᠯᠲᠠ ᠶᠢᠨ ᠰᠢᠰᠲ᠋ᠧᠮ ᠤᠨ ᠰᠢᠨ᠎ᠡ ᠶᠢ ᠡᠭᠦᠳᠬᠦ ᠶᠠᠪᠤᠳᠠᠯ ᠪᠣᠯᠤᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠶ ᠤᠳᠤᠷᠢᠳᠤᠭᠰᠠᠨ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠢᠳᠡᠪᠬᠢᠲᠡᠶ ᠬᠠᠮᠵᠢᠯᠴᠠᠭᠰᠠᠨ᠂ ᠣᠯᠠᠨ ᠲᠦᠮᠡᠨ ᠥᠷᠭᠡᠨ ᠢᠶᠠᠷ ᠣᠷᠣᠯᠴᠠᠭᠰᠠᠨ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃     ᠦᠨᠳᠦᠰᠦᠨ ᠱᠠᠲᠤᠨ ᠤ ᠵᠠᠰᠠᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠳᠤ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠰᠢᠯᠢᠳᠡᠭ ᠨᠠᠮ ᠤᠨ ᠰᠤᠷᠲᠠᠯ ᠢᠶᠠᠷ ᠵᠠᠰᠠᠭ ᠤᠨ ᠰᠤᠷᠲᠠᠯ ᠢ ᠠᠬᠢᠭᠤᠯᠵᠤ ᠠᠷᠠᠳ ᠤᠨ ᠰᠤᠷᠲᠠᠯ ᠢ ᠳᠠᠶᠢᠴᠢᠯᠠᠬᠤ ᠬᠡᠷᠡᠭᠲᠡᠢ᠃ ᠣᠯᠠᠨ ᠲᠦ᠋ᠮᠡᠨ ᠲᠠᠢ ᠪᠦᠲᠦᠮᠵᠢᠲᠡᠶ ᠬᠠᠷᠢᠯᠴᠠᠵᠤ ᠦᠢᠯᠡᠴᠢᠯᠡᠨ᠎ᠡ᠃ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠤᠳ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠲᠠᠢ ᠦᠨᠡᠨ ᠰᠡᠳᠬᠢᠯ ᠠᠴᠠ ᠪᠠᠨ ᠨᠡᠪᠲᠡᠷᠡᠯᠴᠡᠵᠦ᠂ ᠰᠡᠳᠬᠢᠯ ᠪᠠᠨ ᠣᠯᠣᠯᠴᠠᠵᠤ᠂ ᠰᠠᠶᠢᠲᠤᠷ ᠬᠠᠷᠢᠯᠴᠠᠬᠤ ᠬᠡᠷᠡᠭᠲᠡᠢ᠃ ︽ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ︾ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠤᠯᠠᠨ ᠲᠦᠮᠡᠨ ᠤ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠯᠠᠨ ᠲᠦᠮᠡᠨ ᠢ ᠰᠢᠢᠳᠪᠦᠷᠢᠲᠦ ᠪᠣᠳᠣᠯᠭ᠎ᠠ ᠶᠢᠨ ᠲᠠᠯ᠎ᠠ ᠠᠴᠠ ᠣᠷᠣᠯᠴᠠᠭᠴᠢ ᠪᠠ ᠬᠢᠨᠠᠯᠲᠠ ᠲᠠᠯᠪᠢᠭᠴᠢ ᠪᠣᠯᠭᠠᠬᠤ ᠬᠡᠷᠡᠭᠲᠡᠢ᠃ ᠠᠷᠠᠳ ᠤᠨ ᠰᠠᠨᠠᠭ᠎ᠠ ᠶᠢ ᠢᠯᠡᠳᠬᠡᠬᠦ ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠳᠥᠭᠦᠮ ᠳᠥᠲᠡ᠂ ᠨᠠᠶᠢᠳᠠᠪᠤᠷᠢᠲᠠᠶ ᠠᠷᠭ᠎ᠠ ᠮᠠᠶ᠋ᠢᠭ ᠢᠶᠠᠷ ᠰᠠᠨᠠᠯ ᠳᠤᠷᠠᠳᠬᠤ ᠶᠢ  ᠵᠣᠷᠢᠨᠨᠵᠢᠭᠤᠯᠣᠨ᠎ᠠ᠃      ᠭᠠᠭᠴᠠ ᠬᠦ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠳᠤᠨ ᠤ ᠵᠠᠰᠠᠯᠳᠠ ᠶᠢ ᠬᠦᠳᠦᠯᠦᠨ ᠳᠠᠭᠠᠭᠤᠯᠬᠤ ᠶᠢ ᠪᠠᠷᠢᠮᠳᠠᠯᠠᠵᠤ᠂ ᠨᠠᠮ ᠤᠨ ᠤᠳᠤᠷᠢᠳᠤᠯᠭ᠎ᠠ ᠶᠢ ᠦᠨᠳᠦᠰᠦᠨ ᠱᠠᠳᠤᠨ ᠤ ᠵᠠᠰᠠᠯᠳᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠬᠤᠳᠠ ᠬᠦᠳᠡᠭᠡ ᠶᠢᠨ ᠦᠨᠳᠦᠰᠦᠨ ᠱᠠᠳᠤᠨ ᠤ ᠵᠠᠰᠠᠯᠳᠠ ᠲᠠᠢ ᠤᠷᠭᠠᠨᠢᠭ ᠢᠶᠠᠷ ᠵᠤᠯᠭᠠᠯᠳᠤᠭᠤᠯᠵᠤ᠂ ᠰᠠᠶᠢᠳᠤᠷ ᠬᠤᠷᠰᠢᠯᠴᠠᠪᠠᠯ ᠰᠠᠶ᠋ᠢ ᠠᠷᠠᠳ ᠲᠦᠮᠡᠨ ᠤ ᠠᠮᠤᠷ ᠲᠠᠶᠢᠪᠤᠩ ᠠᠵᠤ ᠲᠥᠷᠥᠬᠦ᠂  ᠨᠡᠶᠢᠭᠡᠮ ᠲᠣᠨᠨᠳᠠᠭᠤᠨ ᠡᠮᠬᠢ ᠵᠢᠷᠦᠮ ᠲᠠᠢ᠂  ᠣᠯᠣᠰ ᠣᠷᠣᠨ ᠤ ᠠᠮᠤᠷ ᠲᠦᠪᠰᠢᠨ ᠢ ᠦᠨᠡᠨ ᠬᠦ ᠪᠠᠳᠤᠯᠠᠵᠤ ᠴᠢᠳᠠᠨ᠎ᠠ᠃                                ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ              ᠣᠷᠴᠢᠭᠤᠯᠤᠨ ᠨᠠᠶᠢᠷᠠᠭᠤᠯᠤᠭᠴᠢ᠄ ᠪᠤᠤ ᠬᠤᠩ ᠯᠢᠶᠠᠩ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号