| ᠪᠥᠬᠦ ᠬᠤᠰᠢᠭᠤᠨ ᠤ ᠥᠷᠭᠡᠨ ᠣᠯᠠᠨ ᠲᠦᠮᠡᠨ ᠳᠤ᠄ | ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠣᠷᠣᠰᠢᠭᠤᠯᠭ᠎ᠠ ᠶᠢᠨ ᠠᠵᠢᠯ ᠤᠨ ᠥᠭᠡᠷᠡᠴᠢᠯᠡᠯᠲᠡ ᠶᠢᠨ | ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠥᠷᠭᠡᠨ ᠣᠯᠠᠨ ᠲᠦᠮᠡᠨ ᠤ ᠣᠷᠣᠰᠢᠭᠤᠯᠭ᠎ᠠ ᠶᠢᠨ ᠲᠤᠬᠠᠢ | ᠦᠵᠡᠯ ᠤᠬᠠᠮᠰᠠᠷ ᠠᠯᠬᠤᠮ ᠠᠯᠬᠤᠮ ᠢᠶᠠᠷ ᠬᠤᠪᠢᠷᠠᠯᠲᠠ ᠭᠠᠷᠴᠤ᠂ ᠰᠢᠨᠵᠢᠯᠡᠬᠦ ᠤᠬᠠᠭᠠᠨᠴᠢ᠂ ᠠᠷᠪᠢᠴᠢ | ᠪᠣᠷᠤᠭᠵᠢᠭᠤᠨ᠂ ᠪᠣᠯᠪᠠᠰᠤᠨ᠂ ᠠᠮᠢ ᠠᠬᠤᠶᠢᠯᠠᠭ ᠣᠷᠣᠰᠢᠭᠤᠯᠭ᠎ᠠ ᠶᠢᠨ ᠣᠶᠢᠯᠠᠭᠠᠭᠳᠠᠬᠤᠨ ᠠᠯᠬᠤᠮ ᠠᠯᠬᠤᠮ ᠢᠶᠠᠷ | ᠪᠣᠢ ᠪᠣᠯᠣᠭᠰᠠᠨ ᠪᠠᠶᠢᠨ᠎ᠠ᠃ ᠭᠡᠪᠡᠴᠦ ᠣᠷᠣᠰᠢᠭᠤᠯᠭ᠎ᠠ ᠶᠢᠨ ᠶᠠᠪᠤᠳᠠᠯ ᠢ ᠶᠡᠬᠡᠪᠡᠷ ᠬᠢᠬᠦ᠂ ᠳᠤᠷ᠎ᠠ ᠲᠠᠪᠠ ᠪᠠᠷ ᠢᠶᠠᠨ | ᠴᠢᠨᠳᠠᠷ ᠤᠨ ᠲᠠᠩᠬᠢᠮ ᠪᠠᠶᠢᠭᠤᠯᠬᠤ ᠵᠡᠷᠭᠡ ᠪᠣᠯᠪᠠᠰᠤᠨ ᠪᠤᠰᠤ ᠦᠵᠡᠭᠳᠡᠯ ᠪᠠᠶᠢᠨ ᠳᠠᠬᠢᠨ ᠢᠯᠡᠷᠡᠵᠦ ᠪᠠᠶᠢᠨ᠎ᠠ᠃ | ᠤᠷᠤᠰᠢᠭᠤᠯᠭ᠎ᠠ ᠶᠢᠨ ᠶᠤᠰᠤᠯᠠᠯ ᠤᠨ ᠶᠠᠪᠤᠴᠠ ᠳᠠᠬᠢ ᠪᠤᠯᠬᠢ ᠪᠦᠳᠦᠭᠦᠯᠢᠭ ᠦᠢᠯᠡ ᠠᠵᠢᠯᠯᠠᠭ᠎ᠠ ᠶᠢ ᠬᠤᠷᠢᠭᠯᠠᠨ | ᠲᠡᠪᠴᠢᠵᠦ᠂ ᠰᠢᠯᠢᠳᠡᠭ ᠤᠯᠠᠮᠵᠢᠯᠠᠯ ᠢ ᠵᠠᠯᠭᠠᠮᠵᠢᠯᠠᠨ᠂ ᠦᠨᠳᠦᠰᠦᠲᠡᠨ ᠤ ᠣᠳᠤᠮᠰᠢᠯᠲᠦ ᠰᠣᠶᠣᠯ ᠢ ᠪᠠᠳᠠᠷᠠᠭᠤᠯᠵᠤ᠂ | ᠪᠣᠯᠪᠠᠰᠤᠨ ᠣᠷᠣᠰᠢᠭᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠪᠣᠯᠪᠠᠰᠤᠨ ᠰᠢᠨ᠎ᠡ ᠰᠤᠷᠲᠠᠯ ᠢ ᠪᠣᠢ | ᠪᠣᠯᠭᠠᠨ᠂ ᠡᠶ᠎ᠡ ᠵᠣᠬᠢᠴᠠᠯ ᠲᠠᠢ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠣᠨᠴᠠᠭᠠᠶᠢᠯᠠᠨ | ᠥᠷᠭᠡᠨ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠲᠤ ᠪᠣᠯᠪᠠᠰᠤᠨ ᠢᠶᠠᠷ ᠣᠷᠣᠰᠢᠭᠤᠯᠭ᠎ᠠ ᠬᠢᠬᠦ | ᠰᠠᠨᠠᠭᠠᠴᠢᠯᠠᠭ᠎ᠠ ᠶᠢ ᠣᠷᠢᠶᠠᠯᠠᠵᠤ ᠪᠠᠶᠢᠨ᠎ᠠ᠄ | ᠨᠢᠭᠡ᠂ ᠠᠮᠢᠳᠣ ᠪᠠᠶᠢᠬᠤ ᠳᠤ ᠨᠢ ᠡᠯᠪᠡᠷᠢᠯ ᠵᠢᠷᠤᠮ ᠢᠶᠠᠨ ᠭᠦᠢᠴᠡᠳᠭᠡᠵᠦ᠂ ᠠᠯᠠᠭ᠎ᠠ ᠪᠣᠯᠣᠭᠰᠠᠨ ᠤ ᠳᠠᠷᠠᠭ᠎ᠠ | ᠳᠦᠭᠦᠮ ᠢᠶᠠᠷ ᠤᠷᠤᠰᠢᠭᠤᠯᠬᠤ ᠠᠴᠢᠯᠠᠯ ᠤᠨ ᠪᠣᠯᠪᠠᠰᠤᠨ ᠣᠶᠢᠯᠠᠭᠠᠭᠳᠠᠬᠤᠨ ᠢ ᠪᠤᠢ ᠪᠣᠯᠭᠠᠬᠤ ᠬᠡᠷᠡᠭᠲᠡᠶ | ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ | ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠠᠮᠢᠳᠤ ᠪᠠᠶᠢᠬᠤ ᠳᠤ ᠨᠢ ᠰᠠᠶᠢᠬᠠᠨ ᠠᠰᠠᠷᠠᠨ ᠬᠠᠷᠠᠭᠠᠯᠵᠠᠵᠤ᠂ | ᠨᠠᠰᠤ ᠪᠠᠷᠠᠪᠠᠯ ᠲᠦᠬᠦᠮᠬᠡᠨ ᠣᠷᠣᠰᠢᠭᠤᠯᠬᠤ᠂ ᠠᠴᠢᠯᠠᠯ ᠡᠨᠡᠷᠢᠯ ᠤᠨ ᠪᠣᠯᠪᠠᠰᠤᠨ ᠰᠤᠷᠲᠠᠯ ᠢ ᠪᠣᠢ ᠪᠣᠯᠭᠠᠬᠤ | ᠬᠡᠷᠡᠭᠲᠡᠢ᠃ ᠠᠬᠠᠰ ᠵᠠᠬᠠᠰ ᠢᠶᠠᠨ ᠠᠮᠢᠳᠤ ᠪᠠᠶᠢᠬᠤ ᠳᠤ ᠨᠢ ᠢᠯᠡᠭᠦᠬᠡᠨ ᠬᠠᠯᠠᠮᠵᠢᠯᠠᠵᠤ᠂ ᠠᠴᠢᠯᠠᠯ ᠤᠨ ᠰᠡᠳᠬᠢᠯ ᠢᠶᠠᠨ | ᠭᠦᠢᠴᠡᠳᠬᠡᠵᠦ᠂ ᠲᠡᠳᠡᠨ ᠢ ᠥᠲᠡᠯᠦᠭᠡ ᠨᠠᠰᠤᠨ ᠳᠤ ᠪᠠᠨ ᠦᠮᠦᠭ ᠲᠦᠰᠢᠭ ᠲᠠᠢ᠂ ᠪᠠᠶᠠᠷ ᠵᠢᠷᠭᠠᠯ ᠲᠠᠢ ᠪᠠᠶᠢᠯᠭᠠᠵᠤ᠂ | ᠨᠠᠰᠤ ᠪᠠᠷᠠᠭᠰᠠᠨ ᠤ ᠳᠠᠷᠠᠭ᠎ᠠ ᠭᠠᠰᠢᠭᠤᠳᠠᠯ ᠤᠨ ᠶᠤᠰᠤᠯᠠᠯ ᠢ ᠳᠦᠭᠦᠮᠴᠢᠯᠡᠨ ᠬᠢᠬᠦ ᠪᠣᠯᠪᠠᠰᠤᠨ ᠣᠷᠣᠰᠢᠭᠤᠯᠭ᠎ᠠ ᠶᠢ | ᠰᠠᠨᠠᠭᠠᠴᠢᠯᠠᠬᠤ ᠬᠡᠷᠡᠭᠲᠡᠢ᠃ | ᠬᠤᠶᠠᠷ᠂ ᠪᠣᠯᠪᠠᠰᠤᠨ ᠰᠢᠨᠵᠢᠯᠡᠬᠦ ᠤᠬᠠᠭᠠᠨᠴᠢ ᠣᠷᠣᠰᠢᠭᠤᠯᠭ᠎ᠠ ᠶᠢᠨ ᠶᠣᠰᠣᠯᠠᠯ ᠢ ᠰᠣᠷᠲᠠᠯᠴᠢᠯᠠᠬᠤ ᠬᠡᠷᠡᠭᠲᠡᠢ | ᠵᠠᠩ ᠳᠠᠳᠬᠠᠯ ᠢᠶᠠᠨ ᠥᠭᠡᠷᠡᠴᠢᠯᠡᠬᠦ ᠶᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠰᠢᠨ᠎ᠡ ᠬᠡᠪ ᠰᠤᠷᠲᠠᠯ ᠢ ᠪᠣᠢ | ᠪᠣᠯᠭᠠᠵᠤ᠂ ᠰᠢᠨᠵᠢᠯᠡᠬᠦ ᠤᠬᠠᠭᠠᠨ ᠢ ᠡᠷᠬᠢᠮᠯᠡᠨ᠂ ᠹᠧᠣᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠶᠢ ᠲᠡᠪᠴᠢᠨ᠂ | ᠪᠣᠯᠪᠠᠰᠤᠨ᠂ ᠡᠷᠡᠭᠦᠯ ᠬᠡᠯᠪᠡᠷᠢ ᠪᠠᠷ ᠨᠠᠰᠤ ᠨᠥᠭᠴᠢᠭᠰᠡᠳ ᠢ ᠦᠳᠡᠨ ᠮᠣᠷᠳᠠᠭᠤᠯᠵᠤ᠂ ᠦᠨᠡᠨᠴᠢ ᠲᠠᠯᠠᠷᠬᠠᠯ ᠤᠨ | ᠰᠡᠳᠬᠢᠯᠭᠡ ᠪᠠ ᠠᠴᠢ ᠡᠨᠡᠷᠢᠯ ᠤᠨ ᠰᠡᠳᠬᠢᠯᠭᠡ ᠪᠠᠷ ᠲᠥᠷᠥᠯ ᠰᠠᠳᠤᠨ ᠢᠶᠠᠨ ᠳᠤᠷᠠᠰᠤᠨ ᠰᠠᠨᠠᠭᠠᠯᠵᠠᠨ᠎ᠠ᠃ ᠱᠠᠯᠢᠭ | ᠰᠠᠮᠠᠭᠤᠨ᠂ ᠪᠣᠯᠬᠢ ᠪᠦᠳᠦᠭᠦᠯᠢᠭ᠂ ᠹᠧᠣᠳᠠᠯ ᠤᠨ ᠮᠤᠬᠤᠷ ᠪᠢᠰᠢᠷᠡᠯ ᠵᠡᠷᠭᠡ ᠠᠭᠤᠯᠭ᠎ᠠ ᠪᠦᠬᠦᠢ ᠬᠠᠤᠯᠢ ᠠᠴᠠ | ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠰᠢᠭᠤᠯᠭ᠎ᠠ ᠶᠢᠨ ᠶᠠᠪᠤᠳᠠᠯ ᠤᠨ | ᠦᠢᠯᠡᠴᠢᠯᠡᠭᠡ ᠶᠢ ᠵᠥᠪ ᠢᠶᠠᠷ ᠬᠥᠲᠥᠯᠥᠨ ᠵᠢᠯᠣᠭᠤᠳᠴᠤ ᠳᠦᠷᠢᠮᠵᠢᠭᠦᠯᠬᠦ ᠬᠡᠷᠡᠭᠲᠡᠶ᠃ ᠳᠤᠷ᠎ᠠ ᠪᠠᠷ ᠢᠶᠠᠨ ᠴᠢᠨᠳᠠᠷ ᠤᠨ | ᠲᠠᠩᠬᠢᠮ ᠪᠠᠶᠢᠭᠤᠯᠬᠤ ᠦᠭᠡᠢ᠂ ᠣᠷᠴᠢᠨ ᠲᠣᠭᠤᠷᠢᠨ ᠢ ᠪᠣᠬᠢᠷᠲᠤᠭᠤᠯᠬᠤ ᠦᠭᠡᠢ᠂ ᠵᠠᠮ ᠬᠠᠷᠢᠯᠴᠠᠭ᠎ᠠ ᠶᠢ ᠬᠠᠷᠰᠢᠯᠠᠬᠤ | ᠦᠭᠡᠢ᠂ ᠤᠯᠠᠨ ᠨᠡᠶᠢᠲᠡ ᠶᠢᠨ ᠲᠠᠯᠠᠪᠠᠢ ᠳᠤ ᠴᠠᠭᠠᠰᠤᠨ ᠵᠣᠭᠤᠰ ᠰᠢᠲᠠᠭᠠᠬᠤ ᠦᠭᠡᠢ᠂ ᠪᠤᠰᠤᠳ ᠤᠨ ᠬᠡᠪ ᠤᠨ | ᠠᠮᠢᠳᠤᠷᠠᠯ ᠢ ᠨᠥᠯᠥᠭᠡᠯᠡᠬᠦ ᠦᠭᠡᠢ᠂ ᠤᠬᠠᠮᠰᠠᠷ ᠠᠴᠠ ᠪᠠᠨ ᠪᠤᠰᠤᠳ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠬᠠᠮᠠᠭᠠᠯᠠᠬᠤ ᠬᠡᠷᠡᠭᠲᠡᠢ᠃ | ᠭᠤᠷᠪᠠ᠂ ᠪᠣᠬᠢᠷᠲᠤᠯ ᠦᠭᠡᠶ ᠠᠮᠢ ᠠᠬᠤᠶᠢᠯᠠᠭ ᠣᠷᠤᠰᠢᠭᠤᠯᠭ᠎ᠠ ᠶᠢᠨ ᠠᠷᠭ᠎ᠠ ᠶᠢ ᠠᠪᠬᠤ ᠬᠡᠷᠡᠭᠲᠡᠢ | ᠭᠠᠯ ᠢᠶᠠᠷ ᠳᠡᠭᠳᠡᠭᠡᠬᠦ ᠶᠢ ᠬᠡᠷᠡᠭᠵᠢᠭᠦᠯᠵᠦ᠂ ᠪᠤᠯᠠᠰᠢᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠡᠶᠢᠲᠡ ᠶᠢᠨ | ᠣᠩᠭᠤᠨ ᠳᠤ ᠲᠥᠪᠯᠡᠷᠡᠭᠦᠯᠦᠨ ᠪᠤᠯᠠᠰᠢᠯᠠᠬᠤ ᠶᠢ ᠶᠡᠭᠡ ᠪᠠᠷ ᠬᠡᠷᠡᠭᠵᠢᠭᠦᠯᠵᠦ᠂ ᠴᠢᠨᠳᠠᠷ ᠢ ᠲᠠᠬᠢᠨ ᠠᠪᠰᠠᠯᠠᠵᠤ | ᠪᠤᠯᠠᠰᠢᠯᠠᠵᠤ ᠣᠭᠳᠤ ᠪᠣᠯᠬᠤ ᠦᠭᠡᠢ᠃ ᠴᠢᠨᠳᠠᠷ ᠢ ᠠᠰᠬᠠᠬᠤ᠂ ᠭᠦᠨ ᠪᠤᠯᠠᠬᠤ᠂ ᠬᠡᠭᠦᠷ ᠣᠩᠭᠤᠨ ᠪᠠᠶᠢᠭᠤᠯᠬᠤ | ᠦᠭᠡᠢ ᠪᠠᠶᠢᠬᠤ ᠤᠷᠤᠰᠢᠭᠤᠯᠭ᠎ᠠ ᠶᠢᠨ ᠬᠡᠯᠪᠡᠷᠢ ᠶᠢ ᠰᠠᠨᠠᠭᠠᠴᠢᠯᠠᠵᠦ᠂ ᠴᠢᠨᠳᠠᠷ ᠢ ᠬᠠᠳᠠᠭᠠᠯᠠᠬᠤ᠂ ᠮᠤᠳᠤᠨ | ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ᠂ ᠬᠠᠨᠠᠨ ᠣᠷᠣᠰᠢᠭᠤᠯᠭ᠎ᠠ ᠵᠡᠷᠭᠡ ᠠᠮᠢ ᠠᠬᠤᠶᠢᠯᠠᠭ ᠭᠠᠵᠠᠷ ᠠᠷᠪᠢᠯᠠᠬᠤ | ᠬᠡᠯᠪᠡᠷᠢ ᠶᠢᠨ ᠣᠷᠣᠰᠢᠭᠤᠯᠭ᠎ᠠ ᠬᠢᠬᠦ ᠶᠢ ᠰᠠᠨᠠᠭᠠᠴᠢᠯᠠᠨ᠎ᠠ᠃ ᠳᠤᠷ᠎ᠠ ᠪᠠᠷ ᠢᠶᠠᠨ ᠪᠤᠯᠠᠰᠢᠯᠠᠵᠦ ᠳᠤᠷ᠎ᠠ ᠪᠠᠷ ᠢᠶᠠᠨ | ᠣᠷᠤᠰᠢᠭᠤᠯᠬᠤ ᠪᠠ ᠬᠠᠤᠯᠢ ᠲᠣᠭᠲᠠᠭᠠᠯ ᠠᠴᠠ ᠵᠦᠷᠢᠴᠡᠨ ᠣᠩᠭᠤᠨ ᠪᠤᠯᠠᠰᠢ ᠪᠠᠶᠢᠭᠤᠯᠬᠤ ᠶᠢ ᠴᠢᠩᠭ᠎ᠠ | ᠴᠠᠭᠠᠵᠠᠯᠠᠨ᠎ᠠ᠃ | ᠳᠥᠷᠪᠡ᠂ ᠡᠷᠡᠭᠦᠯ ᠪᠣᠯᠪᠠᠰᠤᠨ᠂ ᠲᠠᠬᠢᠯᠭ᠎ᠠ ᠬᠢᠬᠦ ᠰᠢᠨ᠎ᠡ ᠰᠤᠷᠲᠠᠯ ᠢ ᠪᠣᠶ ᠪᠣᠯᠭᠠᠬᠤ ᠬᠡᠷᠡᠭᠲᠡᠢ | ᠤᠯᠠᠮᠵᠢᠯᠠᠯᠲᠤ ᠲᠠᠬᠢᠯᠭ᠎ᠠ ᠶᠢᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠪᠣᠯᠪᠠᠰᠤᠨ ᠠᠮᠤᠷ | ᠲᠦᠪᠰᠢᠨ ᠲᠠᠬᠢᠯᠭ᠎ᠠ ᠶᠢᠨ ᠬᠡᠯᠪᠡᠷᠢ ᠶᠢ ᠬᠡᠷᠡᠭᠵᠢᠭᠦᠯᠬᠦ ᠬᠡᠷᠡᠭᠲᠡᠶ᠃ ᠦᠵᠡᠰᠬᠦᠯᠡᠩᠲᠦ ᠰᠠᠶᠢᠬᠠᠨ ᠬᠤᠲᠠ ᠬᠥᠳᠡᠭᠡ ᠶᠢᠨ | ᠣᠷᠴᠢᠨ ᠲᠣᠭᠤᠷᠢᠨ ᠢ ᠶᠡᠬᠡᠪᠡᠷ ᠬᠠᠮᠠᠭᠠᠯᠠᠵᠤ᠂ ᠵᠡᠭᠡᠯᠢ ᠭᠤᠳᠤᠮᠵᠢ᠂ ᠬᠤᠷᠢᠶᠠᠯᠠᠯ ᠲᠣᠭᠤᠷᠢᠭ᠂ ᠴᠡᠴᠡᠷᠯᠢᠭ᠂ | ᠠᠭᠤᠳᠠᠮ ᠲᠠᠯᠠᠪᠠᠢ ᠵᠡᠷᠭᠡ ᠭᠠᠵᠠᠷ ᠤᠳ ᠲᠤ ᠬᠡᠩᠰᠢᠭᠦᠦ ᠬᠢᠵᠦ ᠴᠠᠭᠠᠰᠣ ᠰᠢᠲᠠᠭᠠᠬᠤ ᠶᠢ ᠴᠠᠭᠠᠵᠠᠯᠠᠬᠤ ᠬᠡᠷᠡᠭᠲᠡᠶ᠃ | ᠴᠡᠴᠡᠭᠲᠦ ᠲᠠᠬᠢᠯᠭ᠎ᠠ᠂ ᠮᠣᠳᠤ ᠲᠠᠷᠢᠬᠤ ᠲᠠᠬᠢᠯᠭ᠎ᠠ᠂ ᠰᠦᠯᠵᠢᠶᠡᠨ ᠳᠡᠭᠡᠷᠡᠬᠢ ᠲᠠᠬᠢᠯᠭ᠎ᠠ ᠵᠡᠷᠭᠡ ᠤᠳᠤ ᠦᠶ᠎ᠡ ᠶᠢᠨ | ᠪᠤᠯᠪᠠᠰᠤᠨ ᠡᠷᠡᠭᠦᠯ ᠰᠠᠷᠠᠭᠤᠯ ᠢᠯᠡᠳᠭᠡᠬᠦ ᠬᠡᠯᠪᠡᠷᠢ ᠪᠠᠷ ᠲᠡᠭᠡᠳᠦᠰ ᠢᠶᠠᠨ ᠰᠠᠨᠠᠭᠠᠯᠵᠠᠵᠤ ᠨᠦᠭᠴᠢᠭᠰᠡᠳ ᠢᠶᠠᠨ | ᠳᠤᠷᠠᠰᠤᠨ ᠰᠠᠨᠠᠭᠠᠯᠵᠠᠵᠤ᠂ ᠱᠠᠯᠢᠨ ᠪᠦᠷᠢᠯᠭᠡᠬᠦ᠂ ᠪᠣᠯᠬᠢ ᠪᠦᠲᠦᠭᠦᠯᠢᠭ᠂ ᠲᠡᠨᠡᠭ ᠮᠣᠩᠬᠠᠭ ᠢᠶᠠᠷ ᠲᠠᠬᠢᠯᠭ᠎ᠠ ᠬᠢᠬᠦ ᠶᠢ | ᠡᠰᠡᠷᠭᠦᠴᠡᠬᠦ ᠬᠡᠷᠡᠭᠲᠡᠢ᠃ | ᠲᠠᠪᠤ᠂ ᠨᠠᠮ ᠤᠨ ᠭᠡᠰᠢᠭᠦᠨ ᠺᠠᠳ᠋ᠷᠴᠣᠳ ᠳᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ | ᠪᠦᠬᠦ ᠨᠠᠮ ᠤᠨ ᠭᠡᠰᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ︽ | ᠨᠠᠮ ᠤᠨ ᠭᠡᠰᠢᠭᠦᠨ ᠺᠠᠳ᠋ᠷᠴᠤᠳ ᠤᠨ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠨᠠᠷᠢᠨ ᠬᠢᠨᠠᠮᠠᠭᠠᠶ | ᠲᠤᠭᠤᠰᠢᠯᠠᠭᠤᠯᠵᠤ᠂ ᠪᠣᠯᠪᠠᠰᠤᠨ ᠰᠢᠨᠵᠢᠯᠡᠬᠦ ᠤᠬᠠᠭᠠᠨᠴᠢ ᠰᠠᠨᠠᠭᠠᠴᠢᠯᠠᠭᠴᠢ ᠪᠠ ᠤᠯᠠᠮᠵᠢᠯᠠᠭᠴᠢ ᠪᠣᠯᠬᠤ ᠪᠠᠷ | ᠴᠢᠷᠮᠠᠶᠢᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠵᠢᠱᠢᠶ᠎ᠡ ᠦᠵᠡᠭᠦᠯᠦᠨ᠂ ᠳᠠᠭᠠᠭᠤᠯᠤᠭᠴᠢ ᠶᠢᠨ | ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠪᠣᠯᠪᠠᠰᠤᠨ ᠢᠶᠠᠷ ᠠᠷᠪᠢᠯᠠᠨ ᠭᠠᠮᠨᠠᠬᠤ ᠣᠷᠣᠰᠢᠭᠤᠯᠭ᠎ᠠ ᠶᠢᠨ | ᠶᠠᠪᠤᠳᠠᠯ ᠢ ᠰᠠᠨᠠᠭᠠᠴᠢᠯᠠᠨ ᠭᠦᠢᠴᠡᠳᠬᠡᠵᠦ᠂ ᠲᠦᠷᠦᠭᠦᠯᠡᠨ ᠠᠮᠢ ᠠᠬᠤᠶᠢᠯᠠᠭ ᠣᠷᠣᠰᠢᠭᠤᠯᠭ᠎ᠠ ᠬᠢᠬᠦ ᠶᠢ | ᠰᠠᠨᠠᠭᠠᠴᠢᠯᠠᠵᠤ᠂ ᠲᠦᠷᠦᠭᠦᠯᠡᠨ ᠪᠣᠯᠪᠠᠰᠤᠨ ᠳᠣᠣᠷ᠎ᠠ ᠨᠡᠭᠦᠷᠡᠰᠦᠲᠥ᠋ᠷᠥᠭᠴᠢᠲᠦ ᠳᠠᠬᠢᠯᠭ᠎ᠠ ᠪᠠ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠤᠬᠠᠭᠤᠯᠵᠤ᠂ ᠪᠣᠯᠪᠠᠰᠤᠨ ᠪᠤᠰᠤ᠂ ᠲᠦᠷᠢᠮᠵᠢᠯ ᠦᠭᠡᠢ ᠳᠠᠬᠢᠯᠭ᠎ᠠ ᠶᠢᠨ ᠠᠵᠢᠯᠯᠠᠭ᠎ᠠ ᠳᠤ | ᠬᠢᠨᠠᠯᠲᠠ ᠲᠠᠯᠪᠢᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠢᠶᠠᠷ ᠳᠠᠬᠢᠯᠭ᠎ᠠ ᠬᠢᠬᠦ᠂ ᠠᠷᠪᠢᠴᠢ | ᠭᠠᠮᠲᠠᠢ ᠪᠠᠷ ᠭᠠᠰᠢᠭᠤᠳᠠᠯ ᠤᠨ ᠶᠠᠪᠤᠳᠠᠯ ᠢ ᠡᠷᠬᠢᠯᠡᠬᠦ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ | | ᠡᠷᠬᠢᠮ ᠬᠦᠨᠳᠦᠲᠦ ᠥᠷᠭᠡᠨ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠤᠨ ᠤᠨ ᠨᠠᠶᠢᠵᠠ ᠨᠠᠷ ᠡ᠂ ᠪᠢᠳᠡ | ᠬᠠᠮᠲᠤ ᠪᠠᠷ ᠢᠶᠠᠨ ᠭᠠᠷ ᠭᠠᠷ ᠢᠶᠠᠨ ᠬᠤᠯᠪᠣᠯᠴᠠᠵᠤ᠂ ᠪᠣᠯᠪᠠᠰᠤᠨ ᠢᠶᠠᠷ ᠲᠠᠬᠢᠯᠭ᠎ᠠ ᠬᠢᠬᠦ᠂ ᠵᠠᠩ ᠳᠠᠳᠬᠠᠯ ᠢ | ᠥᠭᠡᠷᠡᠴᠢᠯᠡᠬᠦ᠂ ᠰᠢᠯᠢᠳᠡᠭ ᠤᠯᠠᠮᠵᠢᠯᠠᠯᠲᠤ ᠣᠷᠣᠰᠢᠭᠤᠯᠭ᠎ᠠ ᠶᠢᠨ ᠰᠣᠶᠣᠯ ᠢ ᠤᠯᠠᠮᠵᠢᠯᠠᠨ ᠰᠠᠨᠠᠭᠠᠴᠢᠯᠠᠵᠤ᠂ ᠣᠶᠤᠨ ᠤ | ᠪᠣᠯᠪᠠᠰᠤᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠡᠶ᠎ᠡ ᠵᠣᠬᠢᠴᠠᠩᠭᠤᠶ | ᠦᠵᠡᠰᠬᠦᠯᠡᠩᠲᠦ ᠰᠠᠶᠢᠬᠠᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠶᠢ ᠪᠥᠲᠥᠭᠡᠨ ᠪᠠᠶᠢᠭᠤᠯᠬᠤ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠶ᠎ᠡ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ | 2025 ᠣᠨ ᠤ 3 ᠰᠠᠷ᠎ᠠ ᠶᠢᠨ 2 ᠤ ᠡᠳᠦᠷ | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | ᠣᠷᠴᠢᠭᠤᠯᠣᠨᠨᠴᠢ᠄ ᠭᠧ ᠲᠣᠸᠠᠨ ᠯᠢᠶᠡᠨ | | | | | |