| ᠥᠷᠭᠡᠨ ᠣᠯᠠᠨ ᠰᠠᠭᠤᠭᠠᠯᠢ ᠠᠷᠠᠳ ᠲᠤ᠄ | ᠵᠣᠯ ᠵᠢᠷᠭᠠᠯᠲᠤ ᠤᠷᠤᠭ ᠬᠤᠷᠢᠮ ᠪᠣᠯ ᠢᠨᠠᠭᠯᠠᠵᠤ ᠪᠠᠶᠢᠭ᠎ᠠ ᠡᠷᠡᠭᠲᠡᠢ ᠡᠮᠡᠭᠲᠡᠢ ᠶᠢᠨ ᠬᠦᠰᠡᠯ ᠡᠷᠡᠮᠡᠯᠵᠡᠯ | ᠪᠠᠶᠢᠵᠤ᠂ ᠠᠵᠠ ᠵᠢᠷᠭᠠᠯᠲᠠᠢ ᠭᠡᠷ ᠪᠦᠯᠢ ᠶᠢ ᠪᠠᠶᠢᠭᠤᠯᠬᠤ ᠪᠣᠯ ᠡᠶ᠎ᠡ ᠵᠣᠬᠢᠴᠠᠯᠲᠤ ᠨᠡᠶᠢᠭᠡᠮ ᠤᠨ ᠰᠠᠭᠤᠷᠢ ᠪᠣᠯᠬᠤ | ᠶᠤᠮ᠃ ᠤᠯᠠᠮᠵᠢᠯᠠᠯᠲᠤ ᠰᠠᠶᠢᠬᠠᠨ ᠵᠠᠩᠰᠢᠯ ᠳᠠᠳᠬᠠᠯ ᠢ ᠵᠠᠯᠭᠠᠮᠵᠢᠯᠠᠨ᠂ ᠰᠢᠯᠢᠳᠡᠭ ᠰᠠᠶᠢᠬᠠᠨ ᠭᠡᠷ ᠤᠨ ᠰᠤᠷᠲᠠᠯ ᠢ | ᠪᠠᠳᠠᠷᠠᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠰᠠᠨᠠᠭᠠᠴᠢᠯᠠᠨ᠂ ᠵᠠᠯᠠᠭᠤᠴᠤᠳ ᠢ ᠬᠥᠲᠥᠯᠥᠨ ᠵᠢᠯᠣᠭᠤᠳᠴᠤ | ᠵᠥᠪ ᠣᠨᠣᠪᠴᠢᠲᠠᠶ ᠤᠷᠤᠭ ᠬᠤᠷᠢᠮ ᠤᠨ ᠦᠵᠡᠯᠲᠡ᠂ ᠭᠡᠷ ᠪᠦᠯᠢ ᠶᠢᠨ ᠦᠵᠡᠯᠲᠡ ᠶᠢ ᠪᠤᠢ ᠪᠣᠯᠭᠠᠵᠤ᠂ ᠠᠷᠪᠢᠴᠢ | ᠪᠣᠷᠤᠭᠵᠢᠭᠤᠨ᠂ ᠡᠷᠬᠢᠮᠰᠦᠭ᠂ ᠪᠣᠯᠪᠠᠰᠤᠨ᠂ ᠡᠷᠡᠭᠦᠯ ᠰᠠᠶᠢᠬᠠᠨ ᠣᠷᠤᠭ ᠬᠤᠷᠢᠮ ᠤᠨ ᠶᠣᠰᠣᠯᠠᠯ ᠢ ᠶᠠᠪᠤᠭᠳᠠᠭᠤᠯᠵᠤ᠂ | ᠠᠵᠢᠯᠴᠢ ᠠᠷᠪᠢᠴᠢ᠂ ᠡᠷᠡᠭᠦᠯ ᠥᠭᠡᠳᠡᠷᠬᠡᠭ ᠤᠷᠤᠭ ᠬᠤᠷᠢᠮ ᠤᠨ ᠵᠠᠩᠰᠢᠯ ᠰᠤᠷᠲᠠᠯ ᠢ ᠪᠤᠢ ᠪᠣᠯᠭᠠᠬᠤ ᠶᠢᠨ | ᠲᠥᠯᠥᠭᠡ᠂ ᠪᠢᠳᠡ ᠥᠷᠭᠡᠨ ᠣᠯᠠᠨ ᠰᠠᠭᠤᠭᠠᠯᠢ ᠠᠷᠠᠳ ᠪᠣᠯᠣᠨ ᠨᠠᠶᠢᠵᠠ ᠨᠠᠷ ᠲᠤ ᠪᠠᠨ ᠳᠣᠤᠷᠠᠬᠢ ᠬᠡᠳᠦᠨ | ᠲᠠᠯ᠎ᠠ ᠪᠠᠷ ᠰᠠᠨᠠᠭᠠᠴᠢᠯᠠᠶ᠎ᠠ᠄ | ᠠᠵᠢᠯᠴᠢ ᠠᠷᠪᠢᠴᠢ ᠪᠠᠶᠢᠬᠤ ᠶᠢ ᠰᠠᠨᠠᠭᠠᠴᠢᠯᠠᠵᠤ᠂ ᠪᠦᠷᠢᠯᠭᠡᠨ ᠰᠦᠢᠳᠬᠡᠬᠦ ᠶᠢ ᠳᠡᠪᠴᠢᠶᠡ | ᠠᠪᠤ ᠡᠵᠢ ᠶᠢᠨ ᠢᠶᠠᠨ ᠠᠴᠢ ᠡᠨᠡᠷᠢᠯ ᠢ ᠣᠶᠢᠯᠠᠭᠠᠨ ᠮᠡᠳᠡᠷᠡᠵᠦ᠂ ᠪᠠᠶᠠᠷᠯᠠᠨ ᠲᠠᠯᠠᠷᠬᠠᠵᠤ᠂ ᠯᠠᠷᠵᠢᠶ᠎ᠠ ᠶᠠᠩᠪᠠ | ᠲᠠᠲᠠᠬᠤ ᠦᠭᠡᠢ᠂ ᠪᠦᠷᠢᠯᠭᠡᠨ ᠰᠦᠢᠳᠭᠡᠬᠦ ᠦᠭᠡᠢ ᠪᠠᠶᠢᠬᠤ ᠬᠡᠷᠡᠭᠲᠡᠢ᠃ ᠬᠤᠷᠢᠮ ᠨᠠᠶᠢᠷ ᠢ ᠶᠡᠬᠡᠪᠡᠷ ᠲᠠᠩᠰᠣᠭᠯᠠᠨ | ᠬᠢᠬᠦ ᠦᠭᠡᠢ᠂ ᠳᠥᠭᠦᠮᠴᠢᠯᠡᠬᠦ ᠶᠢ ᠰᠠᠨᠠᠭᠠᠴᠢᠯᠠᠨ᠂ ᠣᠷᠤᠭ ᠬᠤᠷᠢᠮ ᠤᠨ ᠶᠠᠪᠤᠳᠠᠯ ᠢ ᠰᠢᠨᠡᠳᠭᠡᠨ ᠬᠢᠵᠦ᠂ ᠪᠣᠬᠢᠷᠲᠤᠯ | ᠦᠭᠡᠢ ᠪᠣᠯᠪᠠᠰᠤᠨ ᠰᠢᠨ᠎ᠡ ᠬᠡᠪ ᠰᠤᠷᠲᠠᠯ ᠢ ᠪᠣᠢ ᠪᠣᠯᠭᠠᠶ᠎ᠠ᠃ | ᠬᠤᠷᠢᠮ ᠨᠠᠶᠢᠷ ᠢ ᠴᠢᠳᠠᠯ ᠤᠨ ᠢᠶᠠᠨ ᠬᠢᠷᠢ ᠪᠠᠷ ᠬᠢᠬᠦ ᠶᠢ ᠰᠠᠨᠠᠭᠠᠴᠢᠯᠠᠵᠤ᠂ ᠦᠨ᠎ᠡ ᠦᠷᠲᠡᠭ ᠢᠶᠠᠷ ᠦᠨᠳᠦᠷ | ᠪᠡᠯᠡᠭ ᠰᠡᠯᠲᠡ ᠬᠤᠷᠢᠶᠠᠬᠤ ᠶᠢ ᠬᠤᠷᠢᠭᠯᠠᠶ᠎ᠠ | ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠠᠵᠢᠯᠴᠢ ᠠᠷᠪᠢᠴᠢ ᠪᠠᠷ ᠠᠵᠤ ᠲᠥᠷᠥᠨ᠎ᠡ᠃ ᠪᠠᠶᠠᠨ | ᠲᠠᠩᠰᠤᠭ ᠢᠶᠠᠨ ᠠᠳᠠᠯᠢᠳᠬᠠᠨ ᠭᠠᠶᠢᠬᠠᠭᠤᠯᠬᠤ ᠦᠭᠡᠢ᠂ ᠬᠤᠷᠢᠮ ᠨᠠᠶᠢᠷ ᠬᠢᠬᠦ ᠪᠠᠷ ᠳᠠᠯᠢᠮᠳᠠᠭᠤᠯᠤᠨ ᠵᠣᠭᠤᠰ ᠮᠦᠩᠭᠦ | ᠬᠤᠷᠠᠮᠳᠤᠭᠤᠯᠬᠤ ᠦᠭᠡᠢ᠂ ᠦᠨ᠎ᠡ ᠦᠷᠲᠡᠭ ᠢᠶᠠᠷ ᠥᠨᠳᠥᠷ ᠪᠡᠯᠡᠭ ᠰᠠᠯᠳᠠ ᠠᠪᠬᠤ ᠪᠠ ᠬᠡᠭᠡᠨᠴᠢᠷ ᠨᠠᠶᠢᠷ ᠬᠤᠷᠢᠮ | ᠬᠢᠬᠦ ᠶᠢ ᠡᠷᠡᠰ ᠲᠡᠪᠴᠢᠵᠦ᠂ ᠬᠡᠪ ᠵᠠᠩᠰᠢᠯ ᠢ ᠥᠭᠡᠷᠡᠴᠢᠯᠡᠬᠦ᠂ ᠡᠷᠡᠭᠦᠯ ᠥᠭᠡᠳᠡᠷᠬᠡᠭ ᠦᠯᠢᠭᠡᠷ ᠳᠠᠭᠤᠷᠢᠶᠠᠯ | ᠪᠣᠯᠬᠤ ᠪᠠᠷ ᠴᠢᠷᠮᠠᠶᠢᠶ᠎ᠠ᠃ | ᠪᠣᠯᠪᠠᠰᠤᠨ ᠬᠤᠷᠢᠮ ᠨᠠᠢᠷ ᠢ ᠰᠠᠨᠠᠭᠠᠴᠢᠯᠠᠨ᠂ ᠪᠣᠯᠬᠢ ᠪᠦᠲᠦᠭᠦᠯᠢᠭ ᠦᠢᠯᠡ ᠠᠵᠢᠯᠯᠠᠭ᠎ᠠ ᠶᠢ ᠲᠡᠪᠴᠢᠶᠠ | ᠬᠤᠷᠢᠮ ᠤᠨ ᠶᠣᠰᠣᠯᠠᠯ ᠳᠤ ᠵᠥᠪ ᠢᠶᠠᠷ ᠬᠠᠨᠳᠤᠵᠤ᠂ ᠶᠣᠰᠣ ᠰᠤᠷᠲᠠᠬᠤᠨ ᠢ ᠡᠷᠬᠢᠮᠯᠡᠵᠦ᠂ ᠢᠳᠡᠪᠬᠢᠲᠡᠢ ᠪᠠᠷ | ᠥᠭᠡᠳᠡᠯᠡᠨ ᠲᠠᠪᠰᠢᠬᠤ ᠶᠢ ᠴᠢᠬᠤᠯᠠᠴᠢᠯᠠᠵᠤ᠂ ᠬᠠᠮᠲᠤ ᠶᠢᠨ ᠬᠤᠷᠢᠮ᠂ ᠵᠢᠭᠤᠯᠴᠢᠯᠠᠯ ᠤᠨ ᠬᠤᠷᠢᠮ᠂ ᠭᠡᠷ ᠪᠦᠯᠢ ᠶᠢᠨ | ᠬᠤᠷᠢᠮ᠂ ᠨᠡᠶᠢᠲᠡ ᠶᠢᠨ ᠠᠰᠠᠷᠠᠮᠵᠢ ᠶᠢᠨ ᠬᠤᠷᠢᠮ ᠤᠨ ᠶᠣᠰᠣᠯᠠᠯ ᠵᠡᠷᠭᠡ ᠰᠢᠨ᠎ᠡ ᠬᠡᠯᠪᠡᠷᠢ ᠶᠢᠨ ᠶᠣᠰᠣᠯᠠᠯ ᠢ | ᠰᠣᠩᠭᠤᠵᠤ᠂ ᠣᠷᠤᠭ ᠬᠤᠷᠢᠮ ᠤᠨ ᠪᠣᠯᠪᠠᠰᠤᠨ ᠰᠤᠷᠲᠠᠯ᠂ ᠶᠣᠰᠣᠯᠠᠯ ᠤᠨ ᠰᠤᠷᠲᠠᠯ᠂ ᠣᠷᠴᠢᠨ ᠲᠣᠭᠤᠷᠢᠨ ᠢ | ᠬᠠᠮᠠᠭᠠᠯᠠᠬᠤ ᠰᠤᠷᠲᠠᠯ ᠢ ᠪᠤᠢ ᠪᠣᠯᠭᠠᠵᠤ᠂ ᠨᠡᠶᠢᠭᠡᠮ ᠤᠨ ᠢᠳᠡᠪᠬᠢ ᠬᠦᠴᠦᠨ ᠢ ᠲᠠᠮᠵᠢᠭᠤᠯᠤᠶ᠎ᠠ᠃ | ᠤᠯᠠᠮᠵᠢᠯᠠᠯᠲᠤ ᠰᠠᠢᠬᠠᠨ ᠵᠠᠩᠰᠢᠯ ᠰᠤᠷᠲᠠᠯ ᠢ ᠪᠠᠳᠠᠷᠠᠭᠤᠯᠵᠤ᠂ ᠰᠢᠯᠢᠳᠡᠭ ᠭᠡᠷ ᠤᠨ ᠰᠤᠷᠲᠠᠯ ᠢ ᠤᠯᠠᠮᠵᠢᠯᠠᠶ᠎ᠠ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ | ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ ᠢᠳᠡᠪᠬᠢᠲᠡᠶ ᠪᠠᠷ | ᠭᠡᠷ ᠤᠨ ᠶᠣᠰᠣ ᠰᠤᠷᠲᠠᠯ ᠢ ᠪᠣᠢ ᠪᠣᠯᠭᠠᠵᠤ᠂ ᠭᠡᠷ ᠤᠨ ᠰᠤᠷᠭᠠᠯ ᠢ ᠤᠯᠠᠮᠵᠢᠯᠠᠵᠤ᠂ ᠭᠡᠷ ᠤᠨ ᠰᠤᠷᠲᠠᠯ ᠢ ᠲᠥᠪ | ᠪᠣᠯᠭᠠᠵᠤ᠂ ᠹᠧᠣᠳᠠᠯ ᠤᠨ ᠮᠤᠬᠤᠷ ᠪᠢᠰᠢᠷᠡᠯ ᠢ ᠳᠡᠪᠴᠢᠨ᠂ ᠬᠠᠭᠤᠴᠢᠨ ᠤ ᠪᠣᠯᠬᠢ ᠪᠦᠳᠦᠭᠦᠯᠢᠭ ᠵᠠᠩ ᠳᠠᠳᠬᠠᠯ ᠢ | ᠡᠪᠳᠡᠵᠦ᠂ ᠭᠠᠵᠢᠭᠤ ᠰᠤᠷᠲᠠᠯ ᠢ ᠡᠰᠡᠷᠭᠦᠴᠡᠵᠦ᠂ ᠲᠦᠷᠦᠯ ᠰᠠᠳᠤᠨ ᠨᠠᠶᠢᠵᠠ ᠨᠥᠬᠦᠳ ᠢᠶᠠᠨ ᠳᠠᠶᠢᠴᠢᠯᠠᠨ ᠬᠤᠷᠢᠮ | ᠨᠠᠶᠢᠷ ᠤᠨ ᠶᠠᠪᠤᠳᠠᠯ ᠢ ᠰᠢᠨᠡᠳᠭᠡᠨ ᠡᠷᠬᠢᠯᠡᠵᠦ᠂ ᠳᠥᠭᠦᠮᠴᠢᠯᠡᠨ ᠬᠢᠬᠦ ᠰᠠᠶᠢᠨ ᠰᠠᠶᠢᠬᠠᠨ ᠬᠡᠪ ᠰᠤᠷᠲᠠᠯ ᠢ ᠪᠤᠢ | ᠪᠣᠯᠭᠠᠵᠤ᠂ ᠰᠢᠯᠢᠳᠡᠭ ᠰᠠᠶᠢᠬᠠᠨ ᠭᠡᠷ ᠤᠨ ᠰᠤᠷᠲᠠᠯ ᠢᠶᠠᠷ ᠨᠡᠶᠢᠭᠡᠮ ᠤᠨ ᠬᠡᠪ ᠵᠠᠩᠰᠢᠯ ᠢ ᠪᠣᠢ ᠪᠣᠯᠭᠠᠶ᠎ᠠ᠃ | ᠥᠷᠭᠡᠨ ᠣᠯᠠᠨ ᠰᠠᠭᠤᠭᠠᠯᠢ ᠠᠷᠠᠳ ᠪᠣᠯᠣᠨ ᠨᠠᠶᠢᠵᠠ ᠨᠠᠷ ᠡ᠂ ᠪᠣᠯᠪᠠᠰᠤᠨ ᠬᠤᠷᠢᠮ ᠨᠠᠶᠢᠷ ᠤᠨ ᠵᠠᠩᠰᠢᠯ | ᠰᠣᠷᠲᠠᠯ ᠢ ᠪᠣᠢ ᠪᠣᠯᠭᠠᠬᠤ ᠶᠢ ᠪᠠᠳᠠᠷᠠᠭᠤᠯᠵᠤ᠂ ᠤᠷᠤᠭ ᠬᠤᠷᠢᠮ ᠤᠨ ᠪᠣᠯᠬᠢ ᠪᠦᠳᠦᠭᠦᠯᠢᠭ ᠵᠠᠩ ᠳᠠᠳᠬᠠᠯ ᠢ | ᠠᠷᠢᠯᠭᠠᠬᠤ ᠪᠣᠯ ᠨᠡᠶᠢᠭᠡᠮ ᠳᠠᠶᠠᠭᠠᠷ ᠤᠨ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃ ᠪᠢᠳᠡ ᠢᠳᠡᠪᠬᠢᠲᠡᠢ | ᠬᠥᠳᠡᠯᠦᠯᠴᠡᠵᠦ᠂ ᠬᠠᠭᠤᠴᠢᠨ ᠤ ᠭᠠᠵᠢᠭᠤ ᠪᠣᠯᠬᠢ ᠶᠣᠰᠣ ᠵᠢᠷᠤᠮ ᠢ ᠡᠪᠳᠡᠵᠦ᠂ ᠪᠣᠯᠪᠠᠰᠤᠨ ᠰᠣᠷᠲᠠᠯ ᠢ | ᠤᠯᠠᠮᠵᠢᠯᠠᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠢᠶᠠᠷ ᠣᠷᠤᠭᠯᠠᠵᠤ | ᠬᠤᠷᠢᠮᠯᠠᠬᠤ ᠶᠢ ᠰᠠᠨᠠᠭᠠᠴᠢᠯᠠᠭᠴᠢ᠂ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠵᠤ᠂ ᠪᠣᠯᠪᠠᠰᠤᠨ ᠰᠢᠨ᠎ᠡ | ᠬᠥᠮᠦᠨ ᠪᠣᠯᠵᠤ᠂ ᠵᠣᠯ ᠵᠢᠷᠭᠠᠯᠲᠤ ᠭᠡᠷ ᠪᠦᠯᠢ ᠶᠢ ᠪᠠᠶᠢᠭᠤᠯᠤᠶ᠎ᠠ︕ | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | 2025 ᠣᠨ ᠤ 3 ᠰᠠᠷ᠎ᠠ ᠶᠢᠨ 2 ᠤ ᠡᠳᠦᠷ | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ | ᠣᠷᠴᠢᠭᠤᠯᠣᠨᠨᠴᠢ᠄ ᠭᠧ ᠲᠣᠸᠠᠨ ᠯᠢᠶᠡᠨ | | | | | |