ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ 2025 ᠣᠨ ᠤ 1 ᠰᠠᠷ᠎ᠠ ᠶᠢᠨ 8 ᠤ ᠡᠳᠦᠷ | ᠬᠥᠬᠡᠪᠦᠷ ᠪᠠᠯᠭᠠᠰᠤᠨ ᠳᠤ ᠬᠤᠷᠠᠯᠳᠤᠪᠠ᠃ | | | | | ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 35 ᠬᠥᠮᠦᠨ᠂ | ᠣᠷᠣᠯᠠᠭᠴᠢ ᠭᠡᠰᠢᠭᠦᠨ 6 ᠬᠥᠮᠦᠨ ᠣᠷᠣᠯᠴᠠᠪᠠ᠃ ᠬᠤᠰᠢᠭᠤᠨ ᠤ ᠬᠤᠯᠪᠤᠨᠨᠳᠡᠯ ᠪᠦᠬᠦᠢ ᠤᠳᠤᠷᠢᠳᠬᠤ ᠨᠥᠬᠦᠳ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ | ᠬᠤᠯᠪᠤᠨᠨᠳᠡᠯ ᠪᠥᠬᠦᠶ ᠬᠠᠷᠢᠭᠤᠴᠠᠯᠭᠠᠲᠠᠨ᠂ ᠠᠷᠠᠳ ᠠᠴᠠ ᠡᠵᠡᠩᠨᠡᠭᠰᠡᠨ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ | ᠭᠤᠤᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠬᠤᠷᠠᠯ ᠤᠨ ᠮᠠᠨ ᠤ ᠬᠤᠰᠢᠭᠤᠨ ᠤ ᠬᠡᠰᠡᠭ ᠲᠥᠯᠦᠭᠡᠯᠡᠭᠴᠢ᠂ ᠬᠤᠲᠠ ᠶᠢᠨ ᠲᠠᠪᠤᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠬᠠᠰᠠᠨ ᠭᠡᠰᠡᠭ ᠲᠥᠯᠥᠭᠡᠯᠡᠭᠴᠢ᠂ ᠬᠤᠰᠢᠭᠤᠨ ᠤ ᠠᠷᠪᠠᠨ ᠲᠠᠪᠤᠳᠤᠭᠠᠷ | ᠣᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠬᠤᠷᠡᠯ ᠳᠤ ᠰᠤᠯᠠ | ᠣᠷᠣᠯᠴᠠᠵᠠᠶ᠃ | | | | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤ | ᠨᠠᠮ ᠤᠨ ᠬᠤᠷᠢᠶᠠᠨ ᠤ ᠱᠦᠵᠢ ᠭᠤᠤ ᠰᠧᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠶᠠᠩ ᠯᠢ ᠮᠧᠶ ᠲᠣᠰ ᠲᠣᠰ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ | ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠶᠠᠷᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ | ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ | ᠵᠢᠯ ᠤᠨ ᠠᠵᠢᠯ ᠢ ᠭᠦᠢᠴᠡᠳ ᠨᠤᠲᠠᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ | ᠨᠢᠭᠡ ᠭᠤᠤᠯ ᠱᠤᠭᠤᠮ ᠢ ᠲᠣᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢᠶᠠᠷ ᠠᠶᠠᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠠᠵᠤ ᠠᠬᠤᠶ | ᠨᠡᠶᠢᠭᠡᠮ ᠤᠨ ᠡᠯ᠎ᠡ ᠵᠦᠢᠯ ᠤᠨ ᠦᠢᠯᠡᠰ ᠢᠯᠡᠳᠲᠡ ᠦᠷ᠎ᠡ ᠪᠦᠲᠦᠮᠵᠢ ᠤᠯᠪᠠ᠃ | ᠪᠥᠬᠦᠳᠡ ᠬᠤᠷᠠᠯ ᠠᠴᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ | ᠠᠵᠢᠯᠯᠠᠬᠤ ᠶᠢ ᠲᠡᠷᠢᠭᠦᠨ ᠳᠤ ᠲᠠᠯᠪᠢᠬᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ | ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ | ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠶᠡᠷᠦᠩᠬᠡᠢ ᠬᠡᠮᠵᠢᠶ᠎ᠡ ᠶᠢ ᠡᠷᠡᠰ ᠭᠤᠶᠢᠪᠢᠰᠢ ᠦᠭᠡᠢ ᠪᠠᠷ ᠨᠡᠮᠡᠭᠳᠡᠭᠦᠯᠵᠦ᠂ ᠶᠠᠰᠤ ᠴᠢᠨᠠᠷ ᠢ | ᠳᠡᠭᠡᠭᠰᠢᠯᠡᠭᠦᠯᠵᠦ᠂ ᠲᠤᠯᠭᠠᠭᠤᠷᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ | ᠴᠢᠩᠭᠠᠳᠬᠠᠬᠤ ᠶᠢ ᠠᠬᠢᠭᠤᠯᠬᠤ ᠬᠡᠷᠡᠭᠲᠡᠢ᠃ ᠲᠡᠮᠦᠷ ᠤᠨ ᠬᠠᠶᠢᠯᠤᠰᠢ᠂ ᠰᠢᠨ᠎ᠡ ᠡᠨᠧᠷᠭᠢ᠂ ᠲᠥᠮᠥᠰᠥ ︵ᠨᠣᠬᠠᠶ ᠶᠢᠨ | ᠬᠤᠰᠢᠭᠤ︶᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠠᠯᠠᠰᠢᠨ ᠦᠬᠡᠷ ᠠᠯᠠᠰᠢᠨ ᠬᠤᠨᠢ᠂ ᠰᠣᠶᠣᠯ ᠵᠢᠭᠤᠯᠴᠢᠯᠠᠯ ᠵᠡᠷᠭᠡ | ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠶᠡᠷᠦᠩᠬᠡᠶ ᠬᠡᠮᠵᠢᠶ᠎ᠡ ᠶᠢ ᠥᠷᠭᠡᠳᠬᠡᠨ᠂ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠪᠣᠬᠢᠷᠲᠤᠯ ᠥᠬᠡᠶ᠂ ᠲᠣᠭᠠᠴᠢᠯᠠᠭᠰᠠᠨ᠂ | ᠬᠡᠯᠬᠢᠶᠡᠵᠢᠭᠰᠡᠨ ᠬᠥᠭᠵᠢᠯᠲᠡ ᠶᠢ ᠠᠬᠢᠭᠤᠯᠵᠤ᠂ ᠲᠤᠯᠭᠠᠭᠤᠷᠢ ᠠᠵᠤ ᠦᠢᠯᠡᠰ ᠢ ᠬᠦᠴᠦᠯᠡᠨ ᠪᠠᠬᠢᠵᠢᠭᠦᠯᠦᠨ᠎ᠡ᠃ ᠰᠢᠯᠢᠳᠡᠭ | ᠰᠦᠷᠯᠢᠭ ᠪᠣᠬᠢᠷᠲᠤᠯ ᠥᠬᠡᠶ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠪᠤᠶᠢᠵᠢᠭᠤᠯᠵᠤ᠂ ︽2025 ᠣᠨ ᠤ | ᠭᠠᠷᠤᠯᠲᠠ ᠨᠢ 100 ᠲᠦᠮᠡᠨ ᠲᠣᠨ ᠢ ᠳᠠᠪᠠᠵᠤ᠂ ᠦᠢᠯᠡᠳᠬᠦᠨ ᠤ ᠥᠷᠲᠡᠭ ᠨᠢ 70 ᠳ᠋ᠦᠩᠰᠢᠭᠤᠷ ᠲᠥᠭᠦᠷᠢᠭ ᠢ ᠳᠠᠪᠠᠭ᠋ᠤ | ︾ ᠬᠠᠷᠠᠯᠲᠠ ᠶᠢ ᠲᠣᠭᠲᠠᠭᠠᠵᠤ᠂ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠲᠡᠮᠦᠷ ᠤᠨ ᠬᠠᠶᠢᠯᠤᠰᠢ ᠶᠢᠨ | ᠠᠵᠤ ᠦᠢᠯᠡᠰ ᠤᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ᠂ ᠦᠯᠡᠳᠡᠪᠦᠷᠢ ᠬᠡᠢ ᠪᠠᠷ ᠴᠠᠬᠢᠯᠭᠠᠨ ᠭᠠᠷᠭᠠᠬᠤ᠂ | ᠬᠠᠶᠠᠭᠳᠠᠮᠠᠯ ᠰᠢᠭᠠᠷᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠬᠥᠲᠥᠯᠦᠨ | ᠵᠢᠯᠣᠭᠤᠳᠴᠤ᠂ ᠪᠣᠬᠢᠷᠲᠤᠯ ᠥᠬᠡᠶ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠢ ᠮᠠᠨ ᠤ ᠬᠤᠰᠢᠭᠤᠨ ᠤ ᠠᠵᠤ | ᠦᠢᠯᠡᠳᠪᠦᠷᠢ ᠶᠢᠨ ᠠᠵᠤ ᠦᠢᠯᠡᠰ ᠤᠨ ᠰᠠᠭᠤᠷᠢ ᠴᠢᠯᠠᠭᠤ ᠪᠣᠯᠭᠠᠬᠤ ᠶᠢ ᠠᠬᠢᠭᠤᠯᠬᠤ ᠬᠡᠷᠡᠭᠲᠡᠶ᠃ ᠰᠢᠨ᠎ᠡ ᠡᠨᠧᠷᠭᠢ ᠶᠢᠨ | ᠠᠵᠤ ᠦᠢᠯᠡᠰ ᠢ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ︽ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠠᠵᠤ ᠦᠢᠯᠡᠰ ᠢ | ᠳᠠᠬᠢᠨ ᠪᠠᠶᠢᠭᠤᠯᠬᠤ︾ ᠪᠠᠷ ᠬᠠᠷᠠᠯᠲᠠ ᠪᠣᠯᠭᠠᠵᠤ᠂ ᠨᠢᠭᠡ ᠲᠠᠯ᠎ᠠ ᠪᠠᠷ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠠᠳᠬᠤᠵᠤ᠂ | ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠡᠷᠡᠯ ᠴᠡᠨᠡᠭ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ | ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ︔ ᠨᠢᠭᠡ ᠲᠠᠯ᠎ᠠ ᠪᠠᠷ ᠬᠡᠷᠡᠭᠯᠡᠯᠲᠡ ᠶᠢ ᠠᠳᠬᠤᠵᠤ᠂ ᠪᠣᠬᠢᠷᠲᠤᠯ ᠦᠭᠡᠢ | ᠴᠠᠬᠢᠯᠭᠠᠨ ᠤ ᠪᠠᠭᠲᠠᠭᠠᠨ ᠰᠢᠩᠭᠡᠭᠡᠬᠦ ᠬᠡᠷᠡᠭᠯᠡᠭᠡᠨ ᠤ ᠦᠵᠡᠭᠳᠡᠯ ᠢ ᠥᠷᠭᠡᠳᠬᠡᠵᠦ᠂ ᠡᠨᠧᠷᠭᠢ ᠶᠢᠨ ᠬᠤᠷᠣᠭᠳᠠᠯ ᠤᠨ ᠠᠵᠤ | ᠦᠢᠯᠡᠰ ᠤᠨ ᠥᠨᠳᠥᠷ ᠬᠠᠷᠢᠴᠠᠯ ᠢᠶᠠᠷ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠪᠣᠬᠢᠷᠲᠤᠯ | ᠦᠭᠡᠢ ᠤᠰᠤᠲᠥ᠋ᠷᠥᠭᠴᠢ ᠶᠢᠨ ︽ᠦᠢᠯᠡᠳᠴᠦ ᠬᠠᠳᠠᠭᠠᠯᠠᠬᠤ ᠲᠡᠭᠡᠭᠡᠪᠦᠷᠢᠯᠡᠵᠦ ᠨᠡᠮᠡᠵᠦ ᠬᠡᠷᠡᠭᠯᠡᠬᠦ︾ ᠪᠦᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠥᠮᠥᠰᠥ ︵ᠨᠣᠬᠠᠶ ᠶᠢᠨ ᠬᠤᠰᠢᠭᠤ︶ ᠶᠢᠨ ᠠᠵᠤ | ᠦᠢᠯᠡᠰ ᠢ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠡᠭᠦᠯᠳᠡᠷ ᠪᠤᠶᠢᠵᠢᠭᠤᠯᠬᠤ ᠳᠤ ᠦᠷᠭᠦᠯᠵᠢᠯᠡᠨ ᠬᠦᠴᠦᠯᠡᠵᠦ᠂ | ᠲᠥᠮᠥᠰᠥ ᠶᠢᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ︔ ᠲᠠᠷᠢᠮᠠᠯ ᠤᠨ ᠦᠢᠯᠡᠰ ᠢ ᠦᠷᠭᠦᠯᠵᠢᠯᠡᠨ ᠬᠦᠴᠦᠯᠡᠵᠦ᠂ | ᠲᠥᠮᠥᠰᠥ ᠶᠢᠨ ᠵᠢᠯ ᠤᠨ ᠲᠠᠷᠢᠬᠤ ᠲᠠᠯᠠᠪᠠᠢ ᠶᠢ 25 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ | ᠠᠬᠢᠭᠤᠯᠤᠨ᠎ᠠ︔ ᠬᠠᠳᠠᠭᠠᠯᠠᠬᠤ᠂ ᠡᠳ᠋ᠰᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠥᠮᠥᠰᠥ ᠶᠢ ᠨᠠᠷᠢᠯᠢᠭ ᠭᠦᠨᠵᠡᠭᠡᠶ | ᠡᠳ᠋ᠰᠢᠭᠦᠯᠬᠦ ᠶᠢ ᠬᠦᠴᠦᠷᠬᠡᠭᠵᠢᠭᠦᠯᠦᠨ᠎ᠡ︔ ᠵᠠᠬ᠎ᠠ ᠳᠡᠯᠭᠡᠭᠦᠷ ᠲᠤ ᠦᠷᠭᠦᠯᠵᠢᠯᠡᠨ ᠬᠦᠴᠦᠯᠡᠵᠦ᠂ ᠦᠢᠯᠡᠳᠬᠦᠨ ᠤ | ᠪᠣᠷᠣᠯᠠᠭᠤᠯᠬᠤ ᠵᠠᠮ ᠢ ᠦᠷᠭᠦᠯᠵᠢᠯᠡᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠦᠢᠯᠡᠳᠪᠦᠷᠢᠯᠡᠵᠦ | ᠡᠳ᠋ᠰᠢᠭᠦᠯᠦᠨ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠢ ᠪᠠᠶᠢᠭᠤᠯᠤᠨ᠎ᠠ᠃ ᠨᠣᠬᠠᠶ ᠶᠢᠨ ᠬᠤᠰᠢᠭᠤ ᠶᠢᠨ ᠠᠵᠤ | ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠬᠡᠪᠴᠢᠶᠡᠵᠢᠭᠦᠯᠦᠨ ᠪᠠᠷᠢᠮᠵᠢᠶᠠᠵᠢᠭᠤᠯᠤᠨ ᠳᠠᠷᠢᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠨᠣᠬᠠᠶ ᠶᠢᠨ ᠬᠤᠰᠢᠭᠤ ᠶᠢᠨ ᠳᠠᠷᠢᠬᠤ ᠲᠠᠯᠠᠪᠠᠶ᠂ ᠨᠣᠬᠠᠶ ᠶᠢᠨ ᠬᠤᠰᠢᠭᠤ ᠶᠢᠨ ᠲᠦᠭᠦᠬᠡᠶ | ᠠᠮᠤ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠨᠠᠷᠢᠯᠢᠭ ᠡᠳ᠋ᠰᠢᠭᠦᠯᠬᠦ᠂ ᠦᠢᠯᠡᠳᠬᠦᠨ ᠢ ᠰᠤᠳᠤᠯᠤᠨ ᠨᠡᠭᠡᠭᠡᠬᠦ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠨᠣᠬᠠᠶ ᠶᠢᠨ ᠬᠤᠰᠢᠭᠤ ᠶᠢᠨ ᠦᠢᠯᠡᠳᠪᠦᠷᠢᠯᠡᠯ ᠤᠨ ᠱᠤᠭᠤᠮ ᠢ ᠥᠷᠭᠡᠳᠬᠡᠵᠦ᠂ | ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠨ᠎ᠡ︔ ᠨᠠᠷᠠᠲᠤ ᠲᠡᠮᠳᠡᠭᠲᠦ ᠶᠢ ᠡᠭᠦᠳᠬᠦ᠂ ᠵᠠᠬ᠎ᠠ ᠳᠡᠯᠭᠡᠭᠦᠷ ᠢ ᠨᠡᠭᠡᠭᠡᠬᠦ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠣᠬᠠᠶ ᠶᠢᠨ ᠬᠤᠰᠢᠭᠤ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ | ᠪᠦᠷᠢᠯᠳᠦᠭᠦᠯᠬᠦ ᠶᠢ ᠠᠬᠢᠭᠤᠯᠵᠤ᠂ ᠪᠥᠬᠦ ᠤᠯᠤᠰ ᠤᠨ ᠴᠢᠬᠤᠯᠠ ᠨᠣᠬᠠᠶ ᠶᠢᠨ ᠬᠤᠰᠢᠭᠤ ᠶᠢᠨ ᠳᠠᠩ ᠲᠥᠷᠥᠯ ᠵᠦᠢᠯ ᠤᠨ | ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠨᠣᠬᠠᠶ ᠶᠢᠨ ᠬᠤᠰᠢᠭᠤ ᠶᠢᠨ ᠠᠵᠤ ᠦᠢᠯᠡᠰ ᠤᠨ ᠳᠠᠭᠠᠭᠤᠯᠤᠭᠴᠢ | ᠪᠣᠯᠬᠤ ᠪᠠᠷ ᠴᠢᠷᠮᠠᠶᠢᠨ᠎ᠠ᠃ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠢ ᠰᠢᠯᠢᠳᠡᠭᠵᠢᠭᠦᠯᠦᠨ | ᠪᠤᠵᠠᠭᠠᠶᠢᠷᠠᠭᠤᠯᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠴᠡᠪᠡᠷ ᠢᠳᠡᠰᠢᠨ ᠨᠣᠭᠤᠭ᠎ᠠ ᠶᠢᠨ ᠠᠩᠬ᠎ᠠ ᠡᠳ᠋ᠰᠢᠭᠦᠯᠦᠨ | ᠦᠢᠯᠡᠳᠪᠦᠷᠢᠯᠡᠬᠦ ᠱᠤᠭᠤᠮ ᠪᠠ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ ᠶᠢ | ᠠᠬᠢᠭᠤᠯᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠥᠯᠳᠦᠬᠦ | ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠢ | ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠠᠯᠠᠰᠢᠨ ᠦᠬᠡᠷ ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠵᠤ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠵᠦ | ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ | ᠠᠵᠤ ᠦᠢᠯᠡᠰ ᠢ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ︽ᠪᠥᠬᠦ ᠣᠷᠣᠨ ᠪᠦᠰᠡᠴᠢᠯᠡᠭᠰᠡᠨ ᠪᠠᠶᠢᠷᠢᠰᠢᠭᠤᠯᠤᠯᠲᠠ᠂ ᠪᠥᠬᠦ | ᠬᠦᠴᠦᠨ ᠵᠦᠢᠯ ᠢ ᠪᠠᠶᠢᠭᠤᠯᠬᠤ᠂ ᠪᠥᠬᠦ ᠠᠵᠤ ᠦᠢᠯᠡᠰ ᠢ ᠠᠭᠤᠰᠤᠯᠴᠠᠭᠤᠯᠬᠤ᠂ ᠪᠥᠬᠦ ᠤᠯᠠᠷᠢᠯ ᠢᠶᠠᠷ ᠪᠡᠶᠡᠴᠢᠯᠡᠨ | ᠣᠶᠢᠯᠠᠭᠠᠬᠤ︾ ᠶᠢ ᠪᠠᠷᠢᠮᠲᠠᠯᠠᠵᠤ᠂ ︽ᠤᠯᠠᠭᠠᠨᠴᠠᠪ︾ ᠤᠨ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ | ᠲᠥᠰᠦᠪᠯᠡᠨ ᠥᠷᠨᠢᠭᠦᠯᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠥᠬᠦ ᠣᠷᠣᠨ ᠪᠦᠰᠡ ᠶᠢ ᠴᠢᠨᠠᠷ ᠰᠠᠶᠢᠲᠠᠶ | ︽ᠲᠣᠮᠣ ᠦᠵᠡᠮᠵᠢ ᠶᠢᠨ ᠣᠷᠣᠨ︾ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠭᠤᠤᠯᠳᠠᠯᠭ᠎ᠠ ᠶᠢ ᠡᠷᠡᠰ ᠭᠤᠶᠢᠪᠢᠰᠢ ᠦᠭᠡᠢ ᠪᠠᠷ ᠠᠳᠬᠤᠵᠤ᠂ | ᠪᠣᠳᠠᠲᠠᠶ ᠠᠷᠭ᠎ᠠ ᠭᠠᠷᠭᠠᠵᠤ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠶ ᠰᠠᠶᠢᠲᠤᠷ ᠥᠷᠨᠢᠭᠦᠯᠬᠦ ᠬᠡᠷᠡᠭᠲᠡᠶ᠃ ᠴᠢᠬᠤᠯᠠ | ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ᠃ ︽ᠲᠦᠷᠦᠯ ᠵᠦᠢᠯ ᠢᠶᠠᠷ | ᠭᠤᠣᠯ ᠪᠣᠯᠭᠠᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠲᠦᠷᠦᠯ ᠵᠦᠢᠯ ᠢ ᠲᠡᠮᠡᠴᠡᠨ ᠤᠯᠬᠤ᠂ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠶᠢ ᠠᠬᠢᠭᠤᠯᠬᠤ ᠲᠠᠯ᠎ᠠ ᠪᠠᠷ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ | ᠲᠠᠯ᠎ᠠ ᠪᠠᠷ ᠰᠢᠪᠲᠤᠯᠤᠯᠲᠠ ᠭᠠᠷᠭᠠᠵᠤ᠂ ᠲᠦᠷᠦᠯ ᠵᠦᠢᠯ ᠤᠨ ᠲᠦᠷᠭᠡᠨ ᠠᠵᠢᠯ ᠡᠬᠢᠯᠡᠬᠦ᠂ ᠲᠦᠷᠭᠡᠨ ᠪᠦᠳᠦᠭᠡᠨ | ᠪᠠᠶᠢᠭᠤᠯᠬᠤ᠂ ᠲᠦᠷᠭᠡᠨ ᠦᠢᠯᠡᠳᠪᠦᠷᠢᠯᠡᠯ ᠤᠨ ᠪᠠᠷᠢᠮᠵᠢᠶ᠎ᠠ ᠳᠤ ᠬᠦᠷᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠷᠡᠰ | ᠰᠠᠶᠢᠲᠤᠷ ᠠᠳᠬᠤᠵᠤ᠂ ᠡᠯ᠎ᠡ ᠲᠦᠷᠦᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠵᠤ᠂ ᠠᠵᠤ ᠠᠬᠤᠶᠢᠯᠠᠯ ᠤᠨ | ᠪᠠᠴᠢᠮ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ | ᠦᠷᠭᠦᠯᠵᠢᠯᠡᠨ ᠥᠷᠭᠡᠳᠬᠡᠵᠦ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠬᠤᠳᠠ ᠬᠥᠳᠡᠭᠡ ᠶᠢᠨ ᠬᠥᠳᠡᠯᠮᠦᠷᠢ ᠬᠦᠴᠦᠨ ᠤ ᠰᠠᠶᠢᠨ | ᠠᠵᠢᠯ ᠣᠯᠭᠤᠯᠲᠠ ᠰᠠᠶᠢᠨ ᠦᠢᠯᠡᠰ ᠢ ᠪᠠᠲᠤᠯᠠᠬᠤ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ | ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠤᠰᠤ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠠᠭᠤᠭᠠᠯᠢ ᠠᠷᠠᠳ ᠤᠨ ᠤᠰᠤ ᠶᠢ ᠠᠷᠪᠢᠯᠠᠨ | ᠬᠡᠷᠡᠭᠯᠡᠬᠦ ᠶᠢ ᠠᠬᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ | ᠥᠷᠨᠢᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ | ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠵᠦ᠂ ᠤᠮᠠᠷᠠᠲᠤ | ᠬᠢᠯᠢ ᠶᠢᠨ ᠰᠣᠶᠣᠯ ᠤᠨ ᠤᠬᠠᠭᠤᠯᠭ᠎ᠠ ᠦᠵᠡᠭᠦᠯᠭᠡ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ | ᠪᠦᠬᠦᠳᠡ ᠬᠤᠷᠠᠯ ᠠᠴᠠ᠂ ᠠᠵᠤ ᠦᠢᠯᠡᠰ ᠢ ᠡᠷᠡᠰ ᠭᠤᠶᠢᠪᠢᠰᠢ ᠦᠭᠡᠢ ᠪᠠᠷ ᠬᠥᠭᠵᠢᠭᠦᠯᠵᠦ᠂ ᠣᠷᠣᠯᠭ᠎ᠠ ᠶᠢ | ᠨᠡᠮᠡᠭᠳᠡᠭᠦᠯᠦᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ | ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ | ᠡᠷᠡᠰ ᠭᠤᠶᠢᠪᠢᠰᠢ ᠦᠭᠡᠢ ᠪᠠᠷ ᠵᠠᠰᠠᠯᠲᠠ ᠶᠢ ᠠᠳᠬᠤᠵᠤ᠂ ᠠᠮᠢ ᠠᠬᠤᠢ ᠶᠢ ᠬᠠᠮᠠᠭᠠᠯᠠᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠰᠢᠰᠲ᠋ᠧᠮ ᠲᠠᠢ | ᠥᠷᠨᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ᠂ ᠪᠤᠶᠠᠨ ᠵᠢᠷᠭᠠᠯ ᠢ ᠨᠡᠮᠡᠭᠳᠡᠭᠦᠯᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠤᠯᠠᠨ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠲᠠ | ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯ | ᠲᠦᠭᠰᠢᠭᠦᠷᠢ ᠶᠢ ᠡᠷᠡᠰ ᠭᠤᠶᠢᠪᠢᠰᠢ ᠦᠭᠡᠢ ᠰᠡᠷᠭᠡᠶᠢᠯᠡᠵᠦ᠂ ᠵᠠᠰᠠᠯᠲᠠ ᠶᠢ ᠴᠢᠩᠭᠠᠳᠬᠠᠵᠤ᠂ ᠠᠮᠤᠷ ᠲᠦᠪᠰᠢᠨ | ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠡᠯᠬᠡᠭᠯᠡᠨ ᠤᠷᠤᠭᠰᠢᠯᠠᠬᠤ | ᠬᠠᠮᠲᠤᠷᠠᠯ ᠬᠦᠴᠦᠨ ᠢ ᠨᠢᠭᠲᠠᠷᠠᠭᠤᠯᠵᠤ᠂ ᠵᠣᠷᠢᠭ ᠰᠢᠭᠤᠳᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠤᠷᠢᠶᠠᠯᠠᠪᠠ︕ | | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | | |