| 3 ᠰᠠᠷ᠎ᠠ ᠶᠢᠨ 27 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ | ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠶᠠᠩ ᠯᠢ ᠮᠧᠶ ᠬᠤᠷᠠᠯ ᠡᠷᠭᠢᠯᠡᠪᠡ᠃ | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ | ᠴᠢᠬᠤᠯᠠ ᠥᠭᠦᠯᠡᠯᠲᠡ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ︾ ᠪᠣᠯᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠦᠷᠢᠮ︾ | ᠢ ᠲᠤᠭᠤᠰᠢᠯᠠᠭᠤᠯᠬᠤ ᠬᠡᠷᠡᠭᠵᠢᠭᠦᠯᠬᠦ ᠨᠠᠷᠢᠨ ᠲᠦᠷᠢᠮ︾ ᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠪᠥᠬᠦ ᠣᠷᠣᠨ ᠤ ᠰᠢᠯᠢᠳᠡᠭ ᠤᠬᠠᠭᠤᠯᠤᠨ ᠲᠠᠶᠢᠯᠪᠤᠷᠢᠯᠠᠭᠴᠢ᠂ ᠶᠡᠭᠡ ᠳᠡᠭᠡᠳᠦ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ᠂ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠶᠠᠷᠢᠶ᠎ᠠ ᠬᠡᠯᠡᠯᠴᠡᠭᠡᠨ ᠤ ᠰᠠᠯᠠᠭᠠᠨ ᠳᠠᠷᠤᠭ᠎ᠠ ᠴᠧᠨ ᠵᠢᠶᠦ᠋ᠨ ᠹᠠᠩ ᠢ ᠤᠷᠢᠵᠤ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠨᠨᠴᠠᠯᠠᠵᠦ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ︾ ᠪᠠᠷ ᠭᠤᠤᠯ ᠠᠭᠤᠯᠭ᠎ᠠ ᠪᠣᠯᠭᠠᠵᠤ᠂ | ᠪᠥᠬᠦ ᠬᠤᠰᠢᠭᠤᠨ ᠤ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠤᠯ | ᠬᠠᠷᠢᠭᠤᠴᠠᠯᠭᠠᠲᠠᠨ ᠳᠤ ᠲᠤᠰᠬᠠᠶ ᠰᠡᠳᠦᠪᠲᠦ ᠪᠣᠯᠪᠠᠰᠤᠷᠠᠯ ᠬᠦᠷᠲᠡᠭᠡᠪᠡ᠃ | ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠨᠢᠭᠡ ᠵᠦᠢᠯ ᠤᠨ ᠲᠦᠢᠯ ᠤᠨ ᠴᠢᠬᠤᠯᠠ | ᠠᠵᠢᠯ ᠮᠥᠨ᠂ ᠡᠷᠬᠡᠪᠰᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠳᠡᠵᠦ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ | ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠪᠦᠬᠦ ᠠᠷᠠᠳ ᠲᠦᠮᠡᠨ ᠢ ᠬᠦᠰᠡᠯᠡᠩ ᠢᠲᠡᠭᠡᠯ | ᠪᠢᠰᠢᠷᠡᠯ᠂ ᠦᠷᠳᠡᠭ ᠤᠨ ᠣᠶᠢᠯᠠᠭᠠᠭᠳᠠᠬᠤᠨ᠂ ᠶᠣᠰᠣ ᠰᠤᠷᠲᠠᠬᠤᠨ ᠤ ᠣᠶᠢᠯᠠᠭᠠᠭᠳᠠᠬᠤᠨ ᠤ ᠲᠠᠯ᠎ᠠ ᠪᠠᠷ ᠨᠢᠭᠲᠠ | ᠪᠦᠯᠬᠦᠮᠳᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠣᠰ ᠪᠡᠶ᠎ᠡ ᠶᠢᠨ ᠠᠵᠢᠯ ᠢᠶᠠᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠲᠠᠢ ᠤᠶᠠᠯᠳᠤᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠠᠰᠠᠭ ᠵᠠᠬᠢᠷᠭᠠᠨ ᠤ ᠬᠠᠮᠢᠶᠠᠷᠤᠯᠲᠠ᠂ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ ᠲᠠᠢ ᠨᠢᠭᠲᠠ ᠤᠶᠠᠯᠳᠤᠭᠤᠯᠵᠤ᠂ ᠦᠵᠡᠯ | ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠡᠷᠡᠰ ᠰᠠᠶᠢᠲᠤᠷ ᠰᠠᠬᠢᠬᠤ ᠬᠡᠷᠡᠭᠲᠡᠶ ᠭᠡᠵᠦ ᠵᠢᠭᠠᠵᠦ ᠭᠠᠷᠭᠠᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠲᠢᠶᠠᠨ ᠱᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᡂᠢ ᠵᠢᠶᠠᠨ ᠹᠧᠩ ᠬᠤᠷᠡᠯ ᠳᠤ | ᠣᠷᠣᠯᠴᠠᠪᠠ᠃ | | | ᠰᠤᠷᠪᠤᠯᠵᠢᠯᠠᠭᠴᠢ᠄ ᠨᠢᠦ ᠪᠥᠸᠧ ᠵᠠᠩ ᠹᠧᠢ ᠢᠦᠢ | ᠣᠷᠴᠢᠭᠤᠯᠣᠨᠨᠴᠢ᠄ ᠭᠧ ᠲᠣᠸᠠᠨ ᠯᠢᠶᠡᠨ | |