ᠭᠤᠤ ᠰᠧᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/1
          3 ᠰᠠᠷ᠎ᠠ ᠶᠢᠨ 24 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 9 ᠳ᠋ᠤᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃

     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ

ᠰᠠᠨᠠᠭ᠎ᠠ ᠪᠣᠯᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠥᠪ᠂

ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ

ᠰᠠᠨᠠᠭ᠎ᠠ ᠶᠢ ᠭᠦᠨᠵᠡᠭᠡᠶ  ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠨᠠᠮ ᠤᠨ ᠪᠠᠶᠢᠭᠤᠯᠤᠯᠲᠠ ᠵᠡᠷᠭᠡ ᠪᠢᠴᠢᠭ

ᠮᠠᠲ᠋ᠧᠷᠢᠶᠠᠯ ᠤᠨ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠬᠤᠰᠢᠭᠤᠨ ᠳᠤ ᠲᠥᠪ ᠤᠨ

ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ

ᠠᠵᠢᠯ ᠤᠨ ᠲᠥᠰᠦᠯ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃

     ᠬᠤᠷᠠᠯ ᠠᠴᠠ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ

ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯ ᠰᠡᠳᠦᠪ ᠲᠤ

ᠠᠩᠬᠠᠷᠤᠯ ᠢᠶᠠᠨ ᠲᠥᠪᠯᠡᠷᠡᠭᠦᠯᠬᠦ᠂ ᠲᠣᠪᠴᠢ ᠠᠪᠰᠠᠷᠬᠠᠨ ᠢᠶᠠᠷ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠡᠳᠦᠷ

ᠲᠤᠳᠤᠮ ᠤᠨ ᠠᠵᠢᠯ ᠳᠤ ᠠᠭᠤᠰᠤᠯᠴᠠᠵᠤ᠂ ᠪᠠᠶᠢᠩᠭᠤ ᠠᠳᠬᠤᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ

ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠬᠡᠷᠡᠭᠲᠡᠢ᠃ ᠬᠠᠷᠠᠯᠲᠠ ᠡᠭᠦᠷᠭᠡ ᠪᠠᠨ ᠲᠣᠭᠲᠠᠭᠠᠵᠤ᠂ ᠵᠣᠬᠢᠶᠠᠨ

ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠡᠪᠲᠡᠷᠡᠯᠴᠡᠭᠦᠯᠬᠦ ᠪᠠᠷ

ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ

ᠦᠷ᠎ᠡ ᠪᠦᠲᠦᠮᠵᠢ ᠪᠠᠷ ︽ᠬᠤᠶᠠᠷ ᠢ ᠲᠣᠨᠨᠳᠠᠭᠠᠨᠨᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ

ᠦᠢᠯᠡᠳᠦᠯᠭᠡᠵᠢᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠶᠢᠨ ᠥᠪᠥᠷ

ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠴᠣᠬᠤᠯᠠᠪᠤᠷᠢ ᠶᠢ ᠲᠣᠭᠤᠰᠢᠯᠠᠭᠤᠯᠣᠨ

ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠦᠳᠦᠯᠦᠨ

ᠵᠢᠯᠣᠭᠤᠳᠴᠤ ᠪᠠᠶᠢᠭᠠᠳ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ᠂ ᠥᠨᠳᠥᠷ ᠪᠦᠲᠦᠮᠵᠢᠲᠡᠢ ᠵᠠᠰᠠᠯᠲᠠ ᠶᠢ ᠴᠢᠩᠭᠠᠳᠬᠠᠬᠤ᠂ ᠪᠠᠴᠢᠮ ᠬᠦᠴᠢᠷ ᠠᠶᠤᠯᠲᠠᠢ ᠬᠦᠨᠳᠦ

ᠡᠭᠦᠷᠭᠡ ᠶᠢ ᠪᠡᠶᠡᠯᠡᠭᠦᠯᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ

ᠴᠢᠬᠤᠯᠠᠴᠢᠯᠠᠪᠠ᠃

     ᠨᠠᠮ ᠤᠨ ᠲᠥᠪ ᠬᠤᠷᠢᠶ᠎ᠠ ᠠᠴᠠ ᠪᠥᠬᠦ ᠤᠯᠤᠰ ᠤᠨ ︽ᠬᠤᠶᠠᠷ ᠬᠤᠷᠠᠯ︾ ᠡᠬᠢᠯᠡᠭᠰᠡᠨ ᠠᠴᠠ 7 ᠰᠠᠷ᠎ᠠ ᠪᠣᠯᠲᠠᠯ᠎ᠠ᠂

ᠪᠥᠬᠦ ᠨᠠᠮ ᠤᠨ ᠬᠡᠪᠴᠢᠶᠡᠨ ᠳᠤ ᠲᠥᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ

ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠪᠠᠷ ᠲᠣᠭᠲᠠᠭᠰᠠᠨ ᠨᠢ ᠪᠥᠬᠦ ᠬᠤᠰᠢᠭᠤᠨ ᠤ

ᠰᠤᠷᠤᠯᠴᠠᠯᠭ᠎ᠠ ᠬᠥᠮᠦᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃

   

     

       ᠰᠤᠷᠪᠤᠯᠵᠢᠯᠠᠭᠴᠢ᠄ ᠵᠠᠩ ᠰᠢᠶᠤᠤ ᠳ᠋ᠦᠩ     ᠸᠠᠩ ᡁᠢ ᠹᠠᠩ

       ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号