ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2025 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/16
         4 ᠰᠠᠷ᠎ᠠ ᠶᠢᠨ 15 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 2025 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠵᠦ᠂ ᠥᠷᠭᠡᠨ ᠣᠯᠠᠨ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠪᠠ᠃

    ᠠᠵᠢᠯᠯᠠᠭ᠎ᠠ ᠶᠢᠨ ᠳᠤᠮᠳᠠ᠂ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂

ᠤᠬᠠᠭᠤᠯᠭ᠎ᠠ ᠶᠢᠨ ᠵᠠᠷᠯᠠᠯ ᠲᠠᠷᠬᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ

ᠵᠥᠪᠯᠡᠯᠭᠡ ᠥᠭᠴᠦ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠤ

ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ

ᠲᠦᠭᠡᠮᠡᠯᠵᠢᠭᠦᠯᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠪᠠ ᠤᠯᠤᠰ ᠤᠨ ᠠᠮᠤᠷ ᠲᠦᠪᠰᠢᠨ ᠢ

ᠬᠠᠮᠠᠭᠠᠯᠠᠬᠤ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠥᠷᠭᠡᠨ ᠣᠯᠠᠨ ᠠᠷᠠᠳ ᠲᠦᠮᠡᠨ ᠢ ᠬᠥᠲᠥᠯᠦᠨ ᠵᠢᠯᠣᠭᠤᠳᠴᠤ

ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠭᠡᠭᠦᠯᠵᠦ᠂

ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠪᠡ᠃

ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠪᠣᠳᠡᠰ ᠢ

ᠨᠡᠶᠢᠲᠡ 1000 ᠭᠠᠷᠤᠶ ᠬᠤᠪᠢ ᠲᠠᠷᠬᠠᠭᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ

ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠶᠢᠨ ᠳᠡᠳ᠋ ᠳᠠᠷᠤᠭ᠎ᠠ ᠴᠢᠶᠣᠤ ᠠᠶ ᠫᠢᠩ᠄ ︽ᠲᠣᠰ

ᠤᠳᠠᠭᠠᠨ ᠤ ᠠᠵᠢᠯᠯᠠᠭ᠎ᠠ ᠳᠤ᠂ ᠪᠢᠳᠡ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂

ᠬᠤᠲᠠ ᠶᠢᠨ ᠠᠷᠠᠳ ᠲᠤ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠢᠳᠡᠪᠬᠢᠲᠡᠶ ᠳᠠᠮᠵᠢᠭᠤᠯᠵᠤ᠂ ᠬᠤᠲᠠ ᠶᠢᠨ

ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ᠪᠥᠬᠦ

ᠨᠡᠶᠢᠭᠡᠮ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠳᠤ ᠠᠰᠢᠭᠲᠠᠶ ᠶᠤᠮ︾ ᠭᠡᠵᠡᠶ᠃

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ  ᠰᠠᠭᠤᠭᠠᠯᠢ ᠠᠷᠠᠳ  ᠬᠠᠨ ᠹᠧᠨ

ᠬᠤᠸᠠ᠄ ︽ᠡᠨᠡ ᠤᠳᠠᠭᠠᠨ ᠤ ᠠᠵᠢᠯᠯᠠᠭ᠎ᠠ ᠨᠢ ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ

ᠭᠡᠳᠡᠭ ᠢ ᠨᠠᠳᠠ ᠳᠤ ᠭᠦᠨᠵᠡᠭᠡᠶ ᠲᠠᠨᠢᠭᠤᠯᠤᠭᠰᠠᠨ ᠪᠠᠶᠢᠨ᠎ᠠ᠂ ᠬᠤᠶᠢᠰᠢᠳᠠ ᠪᠢ ᠰᠣᠷᠣᠭᠰᠠᠨ ᠤᠯᠤᠰ ᠤᠨ ᠠᠮᠤᠷ ᠲᠦᠪᠰᠢᠨ ᠤ

ᠮᠡᠳᠡᠯᠭᠡ ᠪᠠᠨ ᠳᠡᠷᠭᠡᠳᠡᠬᠢ ᠬᠥᠮᠦᠰ ᠲᠡᠭᠡᠨ ᠬᠤᠪᠢᠶᠠᠯᠴᠠᠵᠤ᠂ ᠲᠣᠭᠲᠠᠭᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ

ᠬᠤᠪᠢ ᠨᠡᠮᠡᠷᠢ ᠪᠠᠨ ᠦᠵᠡᠭᠦᠯᠦᠨ᠎ᠡ︾ ᠭᠡᠵᠡᠶ᠃

    ᠠᠯᠢ ᠣᠯᠠᠨ ᠡᠯᠪᠡᠭ ᠪᠠᠶᠠᠯᠢᠭ ᠠᠭᠤᠯᠭ᠎ᠠ ᠪᠦᠬᠦᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂

ᠥᠷᠭᠡᠨ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠲᠤᠬᠠᠶ ᠲᠠᠨᠢᠯᠲᠠ ᠶᠢ ᠨᠠᠩ ᠭᠦᠨᠵᠡᠭᠡᠶ ᠪᠣᠯᠭᠠᠵᠤ᠂

ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠤᠯᠠᠮ ᠨᠢᠭᠡ ᠠᠯᠬᠤᠮ  ᠪᠦᠲᠦᠮᠵᠢᠲᠡᠶ  

ᠳᠡᠭᠡᠭᠰᠢᠯᠡᠭᠦᠯᠪᠡ᠃

 

     

         ᠰᠤᠷᠪᠤᠯᠵᠢᠯᠠᠭᠴᠢ᠄ ᠵᠠᠩ ᠰᠢᠶᠤᠤ ᠳ᠋ᠦᠩ    ᠸᠠᠩ ᡁᠢ ᠹᠠᠩ    ᠵᠣᠣ ᠢ ᠹᠠᠨ     ᠰᠦᠨ ᠶᠤᠸᠠᠢ

         ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号