ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠢᠳᠡᠭᠡᠨ ᠤ ᠠᠮᠤᠷ ᠲᠦᠪᠰᠢᠨ ᠤ ᠲᠤᠰᠬᠠᠶ ᠠᠵᠢᠯ ᠢ | ᠠᠬᠢᠭᠤᠯᠬᠤ ᠬᠤᠷᠠᠯ ᠢ ᠢᠳᠡᠪᠬᠢᠲᠡᠶ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠷᠢᠶ᠎ᠠ ᠣᠷᠣᠨ ᠤ ᠪᠠᠨ ᠡᠯ᠎ᠡ ᠲᠥᠷᠥᠯ ᠤᠨ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠢᠳᠡᠭᠡᠨ ᠤ | ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠪᠠᠷ ᠴᠢᠷᠮᠠᠶᠢᠵᠤ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ | ᠣᠷᠴᠢᠨ ᠲᠣᠭᠤᠷᠢᠨ ᠢ ᠪᠣᠶ ᠪᠣᠯᠭᠠᠪᠠ᠃ | | | | | ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠶᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠣᠯᠠᠨ ᠰᠠᠯᠠᠭ᠎ᠠ ᠮᠥᠴᠢᠷ ᠲᠠᠢ ᠬᠠᠮᠲᠤᠷᠠᠨ | ᠬᠠᠮᠲᠤ ᠪᠠᠷ ᠣᠷᠣᠯᠴᠠᠵᠤ᠂ ᠰᠤᠷᠭᠠᠭᠤᠯᠢ ᠶᠢᠨ ᠬᠤᠭᠤᠯᠠᠨ ᠬᠡᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ | ᠳᠡᠯᠭᠡᠭᠦᠷ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠡᠷᠭᠡ ᠲᠠᠯᠠᠪᠤᠷ ᠲᠤ ᠭᠤᠤᠯᠳᠠᠯᠭ᠎ᠠ ᠲᠠᠢ ᠴᠢᠭᠯᠡᠭᠦᠯᠦᠨ | ᠥᠷᠨᠢᠭᠦᠯᠪᠡ᠃ ᠰᠤᠷᠭᠠᠭᠤᠯᠢ ᠶᠢᠨ ᠬᠤᠭᠤᠯᠠᠨ ᠬᠡᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠲᠣᠭᠤᠭᠠᠨ ᠬᠡᠷ ᠤᠨ ᠣᠷᠴᠢᠨ | ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠢᠳᠡᠭᠡᠨ ᠤ ᠮᠠᠲ᠋ᠧᠷᠢᠶᠠᠯ ᠢ ᠬᠤᠳᠠᠯᠳᠤᠨ | ᠠᠪᠬᠤ ᠠᠷᠭ᠎ᠠ ᠵᠠᠮ᠂ ᠬᠠᠳᠠᠭᠠᠯᠠᠬᠤ ᠨᠥᠬᠦᠴᠡᠯ ᠵᠢᠴᠢ ᠡᠳ᠋ᠰᠢᠭᠦᠯᠦᠨ ᠦᠢᠯᠡᠳᠬᠦ ᠶᠠᠪᠤᠴᠠ ᠨᠢ ᠵᠢᠷᠤᠮᠵᠢᠯ ᠳᠤ ᠨᠡᠶᠢᠴᠡᠬᠦ | ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ᠢᠳᠡᠭᠡᠨ ᠤ ᠶᠠᠩᠵᠤ ᠦᠯᠡᠳᠡᠭᠡᠬᠦ᠂ ᠬᠤᠭᠤᠯᠠᠨ ᠤ ᠬᠡᠷᠡᠭᠰᠡᠯ ᠢ | ᠠᠷᠢᠭᠤᠳᠬᠠᠬᠤ ᠲᠥᠬᠦᠭᠡᠷᠦᠮᠵᠢ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ ᠵᠡᠷᠭᠡ ᠶᠢ ᠴᠤ ᠬᠢᠨᠠᠨ | ᠪᠠᠶᠢᠴᠠᠭᠠᠪᠠ᠃ | | | | | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠠ ᠬᠡᠲᠦ ᠳᠡᠯᠭᠡᠭᠦᠷ ᠲᠤ᠂ ᠬᠠᠤᠯᠢ ᠬᠡᠷᠡᠭᠵᠢᠭᠦᠯᠬᠦ ᠠᠵᠢᠯᠲᠠᠨ | ᠢᠳᠡᠭᠡᠨ ᠤ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠦ᠂ ᠢᠳᠡᠭᠡᠨ ᠤ ᠦᠢᠯᠡᠳᠪᠦᠷᠢᠯᠡᠭᠰᠡᠨ ᠡᠳᠦᠷ | ᠬᠤᠭᠤᠴᠠᠭ᠎ᠠ᠂ ᠶᠠᠰᠤ ᠴᠢᠨᠠᠷ ᠤᠨ ᠬᠢᠷᠢ ᠲᠡᠩᠴᠡᠭᠰᠡᠨ ᠦᠨᠡᠮᠯᠡᠯ ᠦᠭᠡᠢ ᠵᠢᠴᠢ ᠦᠢᠯᠡᠳᠪᠦᠷᠢ ᠦᠭᠡᠢ ᠦᠢᠯᠡᠳᠬᠦᠨ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠡᠭᠦᠨ ᠤ ᠬᠠᠮᠲᠤ᠂ ᠬᠠᠤᠯᠢ | ᠬᠡᠷᠡᠭᠵᠢᠭᠦᠯᠬᠦ ᠠᠵᠢᠯᠲᠠᠨ ᠪᠠᠰᠠ ᠬᠤᠭᠤᠯᠠᠨ ᠭᠡᠷ ᠤᠨ ᠲᠣᠭᠤᠭᠠᠨ ᠭᠡᠷ ᠲᠤ ᠭᠦᠨᠵᠡᠭᠡᠶᠢᠷᠡᠵᠦ᠂ ᠢᠳᠡᠭᠡᠨ ᠢ ᠪᠣᠯᠪᠠᠰᠤᠷᠠᠭᠤᠯᠬᠤ | ᠠᠵᠢᠯᠯᠠᠭᠠᠨ ᠤ ᠪᠦᠬᠦ ᠶᠠᠪᠤᠴᠠ ᠳᠤ ᠬᠢᠨᠠᠯᠲᠠ ᠲᠠᠯᠪᠢᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ | ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 17 ᠬᠥᠮᠦᠨ ᠤᠳᠠᠭ᠎ᠠ ᠬᠥᠳᠡᠯᠭᠡᠵᠦ᠂ ᠢᠳᠡᠭᠡᠨ ᠤ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ 31 ᠤᠳᠠᠭ᠎ᠠ ᠪᠠᠶᠢᠴᠠᠭᠠᠵᠤ᠂ 3 ᠢᠳᠡᠭᠡᠨ ᠤ ᠠᠮᠤᠷ ᠲᠦᠪᠰᠢᠨ ᠤ | ᠠᠰᠠᠭᠤᠳᠠᠯ ᠢ ᠣᠯᠵᠤ ᠮᠡᠳᠡᠭᠰᠡᠨ ᠪᠥᠭᠡᠳ ᠴᠡᠭᠴᠡᠯᠡᠨ ᠰᠠᠶᠢᠵᠢᠷᠠᠭᠤᠯᠵᠤ᠂ ᠬᠦᠨᠳᠦ ᠨᠣᠴᠢᠲᠠᠶ ᠠᠰᠠᠭᠤᠳᠠᠯ ᠣᠷᠣᠰᠢᠵᠤ | ᠪᠠᠶᠢᠭ᠎ᠠ ᠬᠡᠰᠡᠭ ᠨᠢᠭᠡᠴᠡ ᠶᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ ᠲᠣᠰ | ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠳᠡᠭᠡᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠵᠤ᠂ ᠢᠳᠡᠭᠡᠨ ᠦᠢᠯᠡᠳᠪᠦᠷᠢᠯᠡᠵᠦ ᠡᠵᠡᠩᠨᠡᠭᠴᠢ ᠶᠢᠨ | ᠢᠳᠡᠭᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠢᠳᠡᠭᠡᠨ ᠤᠮᠳᠠᠭᠠᠨ ᠤ | ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠬᠤ᠋ ᠵᠠᠨ ᠸᠧᠶ᠄ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠢᠳᠡᠭᠡᠨ ᠤ | ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠪᠠ ︽ᠡᠷᠬᠢᠨ ᠬᠠᠷᠠᠬᠤ︾ ᠠᠵᠢᠯᠯᠠᠭ᠎ᠠ ᠶᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠲᠦᠢᠯᠪᠤᠷᠢᠲᠠᠶ ᠴᠡᠭᠴᠡᠯᠡᠨ | ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠥᠷᠭᠡᠨ ᠣᠯᠠᠨ ᠠᠷᠠᠳ ᠲᠦᠮᠡᠨ ᠢ ᠢᠳᠡᠭᠡᠨ ᠤ ᠠᠮᠤᠷ | ᠲᠦᠪᠰᠢᠨ ᠤ ᠬᠢᠨᠠᠯᠲᠠ ᠳᠤ ᠢᠳᠡᠪᠬᠢᠲᠡᠶ ᠣᠷᠣᠯᠴᠠᠬᠤ ᠶᠢ ᠤᠷᠢᠶᠠᠯᠠᠵᠤ᠂ ᠬᠡᠷᠪᠡ ᠢᠳᠡᠭᠡᠨ ᠤ ᠠᠮᠤᠷ ᠲᠦᠪᠰᠢᠨ ᠤ | ᠠᠰᠠᠭᠤᠳᠠᠯ ᠢ ᠣᠯᠵᠤ ᠮᠡᠳᠡᠪᠡᠯ᠂ ᠢᠯᠡᠴᠢᠯᠡᠨ ᠮᠡᠳᠡᠭᠦᠯᠬᠦ ᠤᠲᠠᠰᠤ ᠶᠢ ᠴᠠᠭ ᠲᠤᠬᠠᠶ ᠳᠤᠨᠢ ᠤᠲᠠᠰᠤᠳᠠᠵᠤ᠂ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠬᠠᠮᠲᠤᠪᠠᠷ ᠰᠠᠶᠢᠲᠤᠷ | ᠬᠠᠮᠠᠭᠠᠯᠠᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠬᠤ ᠶᠢ | ᠤᠷᠢᠶᠠᠯᠠᠪᠠ᠃ | | | | ᠰᠤᠷᠪᠤᠯᠵᠢᠯᠠᠭᠴᠢ᠄ ᠵᠠᠩ ᠰᠢᠶᠤᠤ ᠳ᠋ᠦᠩ ᠸᠠᠩ ᡁᠢ ᠹᠠᠩ | ᠣᠷᠴᠢᠭᠤᠯᠣᠨᠨᠴᠢ᠄ ᠭᠧ ᠲᠣᠸᠠᠨ ᠯᠢᠶᠡᠨ |