ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠣᠯᠠᠨ ᠠᠷᠭ᠎ᠠ ᠬᠡᠮᠵᠢᠶ᠎ᠡ ᠠᠪᠴᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ︽ᠭᠠᠯ ᠢ ᠰᠡᠷᠭᠡᠶᠢᠯᠡᠬᠦ ᠬᠡᠷᠡᠮ︾ ᠢ  ᠪᠠᠬᠢᠵᠢᠬᠦᠯᠥᠨ᠎ᠡ
ᠨᠡᠶᠢᠲᠡᠯᠡᠭᠰᠡᠨ ᠴᠠᠭ᠄
2025/4/2
     ᠣᠶᠢᠷ᠎ᠠ ᠳᠤ᠂ ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠬᠤᠷ᠎ᠠ ᠪᠣᠷᠣᠭᠠᠨ ᠪᠠᠭ᠎ᠠ᠂ ᠶᠡᠭᠡ ᠰᠠᠯᠬᠢ ᠲᠠᠢ ᠡᠳᠦᠷ ᠣᠯᠠᠨ ᠪᠣᠯᠵᠤ᠂ ᠮᠠᠨ ᠤ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠤᠭᠲᠤᠨ ᠠᠪᠴᠢᠷᠠᠪᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠣᠶ ᠰᠢᠭᠤᠶ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠷᠠᠭᠤᠯᠤᠨ᠂ ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ ᠢ  ᠴᠢᠩᠭ᠎ᠠ  ᠠᠩᠬᠠᠷᠴᠤ᠂ ︽ᠲᠣᠤᠷᠵᠢᠭᠤᠯᠤᠭᠰᠠᠨ ᠬᠠᠮᠢᠶᠠᠷᠤᠯᠲᠠ + ᠲᠣᠭᠤᠷᠢᠨ ᠪᠠᠶᠢᠴᠠᠭᠠᠬᠤ + ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ︾ ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠴᠢᠩᠭᠠᠷᠠᠭᠤᠯᠵᠤ᠂ ᠪᠣᠳᠠᠲᠠᠶᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ ᠣᠶᠢᠵᠢᠭᠤᠯᠵᠤ ᠨᠣᠭᠤᠭᠠᠷᠠᠭᠤᠯᠤᠭᠰᠠᠨ ᠦᠷ᠎ᠡ ᠪᠦᠲᠦᠭᠡᠯ ᠢᠶᠠᠨ ᠰᠠᠶᠢᠲᠤᠷ ᠬᠠᠮᠠᠭᠠᠯᠠᠨ᠎ᠠ᠃

     ᠭᠠᠯ ᠰᠡᠷᠭᠡᠶᠢᠯᠡᠬᠦ ᠤᠬᠠᠭᠤᠯᠭ᠎ᠠ ᠶᠢ ︽ᠰᠢᠭᠤᠶᠢᠲᠤ ᠣᠷᠣᠨ ᠳᠤ ᠣᠷᠣᠭᠤᠯᠬᠤ᠂ ᠬᠥᠳᠡᠭᠡ ᠲᠣᠰᠬᠤᠨ ᠳᠤ

ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠭᠡᠷ ᠪᠦᠯᠢ ᠳᠤ

ᠣᠷᠣᠭᠤᠯᠬᠤ︾ ᠶᠢ ᠢᠳᠡᠪᠬᠢᠲᠡᠶ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢᠨ

ᠴᠢᠬᠤᠯᠠ ᠴᠢᠨᠠᠷ ᠢ ᠣᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠵᠤ᠂ ᠪᠦᠬᠦ ᠠᠷᠠᠳ ᠤᠨ ᠭᠠᠯ ᠰᠡᠷᠭᠡᠶᠢᠯᠡᠬᠦ

ᠦᠵᠡᠯ ᠤᠬᠠᠮᠰᠠᠷ ᠢ ᠨᠡᠮᠡᠭᠳᠡᠬᠦᠯᠥᠨ᠎ᠡ᠃

     ᠨᠠᠷᠠᠰᠤᠲᠠᠶ ᠣᠶ ᠰᠢᠭᠤᠶ ᠶᠢᠨ ᠲᠠᠯᠠᠪᠠᠶ ᠶᠢᠨ ᠪᠠᠶᠢᠴᠠᠭᠠᠬᠤ ᠥᠷᠲᠡᠭᠡ ᠳᠤ᠂ ᠠᠵᠢᠯᠲᠠᠳ 24 ᠴᠠᠭ ᠢᠶᠠᠷ

ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠰᠢᠭᠤᠶᠢᠲᠤ ᠣᠷᠣᠨ ᠳᠤ

ᠣᠷᠣᠬᠤ ᠲᠡᠷᠭᠡ ᠬᠥᠰᠬᠡ ᠶᠢ ᠪᠦᠬᠦᠨ ᠢ ᠳᠡᠩᠰᠡᠯᠡᠨ ᠲᠡᠮᠳᠡᠭᠯᠡᠬᠦ᠂ ᠪᠠᠶᠢᠴᠠᠭᠠᠬᠤ᠂ ᠵᠢᠭᠰᠠᠭᠠᠨ ᠪᠠᠶᠢᠴᠠᠭᠠᠬᠤ᠂

ᠢᠳᠬᠠᠨ ᠰᠤᠷᠭᠠᠬᠤ ᠠᠵᠢᠯ ᠬᠢᠵᠦ᠂ ᠭᠠᠯ ᠤᠨ ᠢᠷᠡᠯᠲᠡ ᠶᠢ ᠡᠷᠡᠰ ᠬᠤᠷᠢᠨᠨᠯᠠᠨ᠎ᠠ᠃

    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ

ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠸᠠᠩ ᠯᠢ ᠫᠢᠩ᠄ ︽ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠨᠠᠮ ᠤᠨ ᠬᠤᠷᠢᠶ᠎ᠠ

ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠡᠷᠡᠰ

ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠠᠯᠳᠠ ᠬᠡᠮ ᠢ ᠵᠢᠭᠰᠠᠭᠠᠨ

ᠪᠠᠶᠢᠴᠠᠭᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ

ᠰᠠᠬᠢᠬᠤ ᠡᠯ᠎ᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ

ᠰᠡᠷᠭᠡᠶᠢᠯᠡᠨ ᠤᠨᠲᠠᠷᠠᠭᠠᠬᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ

ᠲᠣᠤᠷ ᠢ ᠪᠥᠬᠦ ᠬᠦᠴᠦᠨ ᠢᠶᠠᠷ ᠢᠶᠠᠨ ᠨᠢᠭᠲᠠ ᠰᠦᠯᠵᠢᠪᠡ︾᠃

    ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠣᠯ ᠪᠦᠬᠦ ᠨᠡᠶᠢᠭᠡᠮ ᠢᠶᠠᠷ ᠢᠶᠠᠨ ᠬᠠᠮᠲᠤ ᠪᠠᠷ

ᠣᠷᠣᠯᠴᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ᠎ᠠ᠃ ᠬᠠᠩᠰᠢ ᠶᠢᠨ ᠡᠳᠦᠷ᠂ ᠲᠠᠪᠤᠨ ᠰᠠᠷ᠎ᠠ ᠶᠢᠨ ᠨᠢᠭᠡᠨ

ᠵᠡᠷᠭᠡ ᠵᠠᠩᠭᠢᠯᠠᠭ᠎ᠠ ᠶᠢᠨ ᠴᠡᠭ ᠣᠶᠢᠷᠠᠳᠬᠤ ᠶᠢ ᠳᠠᠭᠠᠯᠳᠤᠨ᠂ ᠪᠥᠬᠦ ᠬᠤᠰᠢᠭᠤᠨ ᠤ ᠳᠡᠭᠡᠳᠦ ᠳᠣᠤᠷᠠᠳᠤ

ᠱᠠᠲᠤᠨ ᠤ ᠬᠢᠨ ᠪᠠᠬᠢᠯᠡᠯᠲᠡ ᠶᠢ ᠴᠢᠩᠳᠠᠯᠠᠵᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠦᠨᠡᠨ ᠪᠣᠳᠠᠲᠠᠶ

ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠷ ᠣᠶ ᠰᠢᠭᠤᠶ ᠨᠤᠲᠤᠭ ᠪᠡᠯᠴᠢᠭᠡᠷ ᠤᠨ ︽ᠭᠠᠯ ᠰᠡᠷᠭᠡᠶᠢᠯᠡᠬᠦ ᠬᠡᠷᠡᠮ︾ ᠢ

ᠦᠨᠡᠨ ᠬᠦ ᠪᠠᠬᠢᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ

ᠬᠠᠮᠲᠤ ᠪᠠᠷ ᠰᠠᠶᠢᠲᠤᠷ ᠰᠠᠬᠢᠨ ᠬᠠᠮᠠᠭᠠᠯᠠᠨ᠎ᠠ᠃

   

           

            ᠰᠤᠷᠪᠤᠯᠵᠢᠯᠠᠭᠴᠢ᠄ ᠵᠠᠩ ᠰᠢᠶᠤᠤ ᠳ᠋ᠦᠩ    ᠸᠠᠩ ᡁᠢ ᠹᠠᠩ

            ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号