ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠮᠥᠩᠭᠦᠨ ᠭᠦᠢᠯᠭᠡᠭᠡᠨ ᠢᠶᠠᠷ | ᠠᠷᠠᠳ ᠲᠤ ᠦᠢᠯᠡᠴᠢᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠯᠡᠨ | ᠦᠢᠯᠡᠴᠢᠯᠡᠵᠦ᠂ ᠲᠠᠷᠢᠶᠠᠴᠢᠨ ᠡᠷᠦᠬᠡ ᠶᠢᠨ ᠪᠠᠯᠠ ᠲᠣᠬᠢᠷᠠᠭᠤᠯᠭ᠎ᠠ ᠶᠢᠨ ᠪᠣᠬᠢᠷᠲᠤᠯ ᠥᠬᠡᠶ ᠦᠢᠯᠡᠴᠢᠯᠡᠭᠡᠨ ᠤ ᠵᠠᠮ ᠢ | ᠨᠡᠭᠡᠭᠡᠵᠦ᠂ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠥᠬᠦ ᠲᠠᠯ᠎ᠠ ᠪᠠᠷ ᠬᠦᠴᠦᠨ | ᠨᠡᠮᠡᠷᠢᠯᠡᠵᠦ᠂ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠭᠤᠤᠯ ᠴᠣᠭᠴᠠ ᠶᠢᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠯᠠ ᠮᠥᠩᠭᠦ ᠶᠢᠨ ᠬᠡᠷᠡᠭᠴᠡᠭᠡ ᠶᠢ ᠪᠦᠲᠦᠮᠵᠢᠲᠡᠶ ᠪᠠᠲᠤᠯᠠᠪᠠ᠃ | ᠡᠨᠡ ᠵᠢᠯ ᠤᠨ ᠬᠠᠪᠤᠷ᠂ ᠪᠠᠶᠠᠨ ᠰᠢᠶᠠᠩ ᠤᠨ ᠪᠠᠭ᠎ᠠ ᠨᠠᠭᠤᠷ ᠵᠠᠰᠠᠭ ᠵᠠᠬᠢᠷᠭᠠᠨ ᠤ ᠲᠣᠰᠬᠤᠨ ᠤ | ᠲᠠᠷᠢᠮᠠᠯ ᠤᠨ ᠡᠷᠦᠬᠡ ᠹᠠᠩ ᠯᠢᠨ ᠬᠢᠮᠢ ᠶᠢᠨ ᠪᠤᠷᠳᠤᠭᠤᠷ᠂ ᠦᠷ᠎ᠡ ᠵᠡᠷᠭᠡ ᠲᠠᠷᠢᠶᠠᠯᠠᠩ ᠤᠨ ᠬᠡᠷᠡᠭᠰᠡᠯ ᠢ ᠬᠤᠳᠠᠯᠳᠤᠨ | ᠠᠪᠬᠤ ᠪᠠᠷ ᠲᠥᠯᠥᠪᠯᠡᠵᠦ ᠪᠠᠶᠢᠯ᠎ᠠ᠂ ᠭᠡᠪᠡᠴᠦ ᠪᠡᠯᠡ ᠮᠥᠩᠭᠦ ᠶᠢᠨ ᠡᠷᠭᠢᠯᠲᠡ ᠪᠠᠶᠢᠬᠤ ᠦᠭᠡᠢ ᠪᠣᠯᠬᠤᠷ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠬᠡᠷᠡᠭᠴᠡᠭᠡ ᠨᠡᠯᠢᠶᠡᠳ ᠶᠡᠭᠡ ᠪᠠᠶᠢᠵᠤ᠂ | ᠲᠡᠭᠦᠨ ᠢ ᠬᠦᠴᠢᠷᠳᠡᠯ ᠳᠤ ᠣᠷᠣᠭᠤᠯᠵᠠᠶ᠃ ᠲᠠᠷᠢᠶᠠᠯᠠᠩ ᠤᠨ ᠪᠠᠩᠬᠢ ᠶᠢᠨ ︽ᠲᠠᠷᠢᠶᠠᠴᠢᠳ ᠲᠤ ᠠᠰᠢᠭ ᠬᠦᠷᠲᠡᠭᠡᠬᠦ | e ᠵᠢᠭᠡᠯᠡᠯᠭᠡ︾ ᠶᠢ ᠰᠣᠨᠣᠰᠤᠭᠠᠳ ᠲᠡᠷᠡ ᠳᠠᠷᠤᠶ ᠳᠤᠨᠢ ᠮᠠᠲ᠋ᠧᠷᠢᠶᠠᠯ ᠢᠶᠠᠨ ᠲᠤᠰᠢᠶᠠᠪᠠ᠂ ᠠᠵᠢᠯᠲᠠᠳ | ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠶᠢ ᠬᠡᠷᠡᠭᠵᠢᠭᠦᠯᠵᠦ᠂ | ᠲᠠᠪᠤᠨ ᠡᠳᠦᠷ ᠲᠤ ᠲᠡᠭᠦᠨ ᠳᠤ ᠵᠢᠭᠡᠯᠡᠯᠭᠡ ᠶᠢᠨ ᠮᠥᠩᠭᠦ ᠤᠯᠭᠤᠵᠦ ᠦᠭᠭᠦᠪᠡ᠃ | ᠰᠤᠷᠪᠤᠯᠵᠢᠯᠠᠭ᠎ᠠ᠄ | | | ᠲᠠᠷᠢᠮᠠᠯ ᠤᠨ ᠡᠷᠦᠬᠡ ᠹᠠᠩ ᠯᠢᠨ᠄ ︽ᠠᠵᠢᠯᠯᠠᠬᠤ ᠳᠤ ᠲᠦᠭᠦᠮ᠂ ᠬᠦᠤ ᠮᠦᠡᠭᠭᠦ ᠨᠢ ᠲᠤᠤᠷ᠎ᠠ ᠮᠦᠷᠳᠡᠭᠡᠨ | ᠬᠤᠷᠳᠤᠨ᠂ ᠪᠢᠳᠡᠨ ᠢ ᠬᠠᠪᠰᠤᠷᠤᠨ ᠪᠡᠯᠡ ᠮᠦᠩᠬᠦᠨ ᠤ ᠶᠡᠭᠡ ᠬᠦᠴᠢᠷ ᠠᠰᠠᠭᠤᠳᠠᠯ ᠢ ᠰᠢᠢᠳᠪᠦᠷᠢᠯᠡᠵᠡᠢ︾ ᠭᠡᠪᠡ᠃ | | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠠᠰᠢᠷᠠᠮ ᠳᠤ᠂ ᠲᠠᠷᠢᠶᠠᠯᠠᠬᠤ ᠴᠠᠭ ᠢ ᠰᠠᠭᠠᠲᠠᠭᠠᠬᠤ | ᠥᠬᠡᠶ ᠶᠢᠨ ᠲᠥᠯᠥᠭᠡ᠂ ᠡᠷᠲᠡ ᠪᠠᠶᠢᠳᠠᠯ ᠢ ᠣᠶᠢᠯᠠᠭᠠᠬᠤ᠂ ᠡᠷᠲᠡ ᠳᠣᠭᠢᠷᠠᠭᠤᠯᠬᠤ᠂ ᠡᠷᠲᠡ | ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ︽ᠵᠢᠭᠡᠯᠡᠯᠭᠡ ᠤᠯᠬᠤ ᠶᠣᠰᠣᠲᠠᠶ ᠳᠤᠨᠢ ᠴᠥᠮ ᠵᠢᠭᠡᠯᠡᠯᠭᠡ ᠲᠠᠯᠪᠢᠬᠤ︾ | ︽ᠵᠢᠭᠡᠯᠡᠯᠭᠡ ᠲᠠᠯᠪᠢᠵᠤ ᠪᠣᠯᠬᠤ ᠳᠤᠨᠢ ᠴᠥᠮ ᠵᠢᠭᠡᠯᠡᠯᠭᠡ ᠲᠠᠯᠪᠢᠬᠤ︾ ᠶᠢ ᠪᠡᠶᠡᠯᠡᠭᠦᠯᠵᠦ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠡᠯ᠎ᠡ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢᠨ | ᠣᠷᠣᠭᠤᠯᠤᠯᠲᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠲᠠᠷᠢᠶᠠᠴᠢᠨ ᠡᠷᠦᠬᠡ ᠶᠢᠨ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠯᠠ ᠮᠥᠩᠭᠦ ᠶᠢᠨ ᠳᠤᠲᠠᠭᠤᠳᠠᠯ ᠢ ᠦᠨᠡᠨ ᠬᠦ | ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠠᠰᠢᠭ ᠲᠣᠰᠡ ᠢ ᠲᠦᠭ ᠲᠦᠮᠡᠨ ᠠᠶᠢᠯ ᠡᠷᠦᠬᠡ ᠳᠤ ᠬᠦᠷᠭᠡᠪᠡ᠃ | ᠤᠰᠤᠲᠤ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ | ᠬᠤᠳᠠᠯᠳᠣᠭᠠᠴᠢᠨ ᠯᠢᠨ ᠵᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠲᠤ᠂ ᠡᠯ᠎ᠡ | ᠲᠦᠷᠦᠯ ᠤᠨ ᠦᠷ᠎ᠡ ᠬᠢᠮᠢ ᠶᠢᠨ ᠪᠤᠷᠳᠤᠭᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠳᠠᠰ ᠪᠦᠷᠢᠨ | ᠭᠦᠢᠴᠡᠳ ᠪᠠᠶᠢᠯ᠎ᠠ᠃ | ᠰᠤᠷᠪᠤᠯᠵᠢᠯᠠᠭ᠎ᠠ᠄ | | | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠯᠢᠨ ᠵᠢᠶᠠᠨ᠄ ︽ ᠡᠨᠡ ᠵᠢᠯ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠨᠦᠬᠡᠴᠡᠯᠡᠬᠦ ᠵᠠᠩᠭᠢᠯᠠᠭ᠎ᠠ ᠶᠢᠨ ᠦᠶ᠎ᠡ ᠳᠤ᠂ ᠪᠢ ᠲᠠᠷᠢᠶᠠᠯᠠᠩ ᠤᠨ ᠪᠠᠩᠬᠢ ᠠᠴᠠ | ᠵᠠᠭᠤᠨ ᠲᠦᠮᠡᠨ ᠲᠥᠭᠦᠷᠢᠭ ᠤᠨ ᠵᠢᠭᠡᠯᠡᠯᠭᠡ ᠵᠢᠭᠡᠯᠡᠵᠡᠢ᠂ ᠡᠨᠡ ᠬᠦ ᠭᠠᠷ ᠭᠦᠢᠴᠡᠳᠬᠡᠯ ᠨᠡᠯᠢᠶᠡᠳ ᠳᠥᠭᠦᠮ ᠪᠠᠶᠢᠵᠤ᠂ | ᠵᠣᠭᠤᠰ ᠪᠠᠭᠤᠬᠤ ᠨᠢ ᠲᠦᠷᠭᠡᠨ᠂ ᠬᠦᠦ ᠮᠥᠩᠭᠦ ᠨᠢ ᠳᠣᠤᠷ᠎ᠠ᠂ ᠨᠠᠮ᠎ᠠ ᠳᠤ ᠪᠠᠴᠢᠮ ᠪᠠᠶᠢᠳᠠᠯ ᠢ ᠰᠢᠢᠳᠪᠦᠷᠢᠯᠡᠪᠡ︾ | ᠭᠡᠪᠡ᠃ | ᠮᠥᠩᠭᠦᠨ ᠭᠦᠢᠯᠭᠡᠭᠡᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ | ᠭᠤᠣᠯ ᠬᠦᠴᠦᠨ ᠪᠣᠯᠤᠭᠰᠠᠨ ᠤ ᠬᠤᠪᠢ ᠳᠤ᠂ ᠡᠯ᠎ᠡ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠢᠨ ᠤᠬ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠰᠠᠬᠢᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ | ᠨᠠᠷᠢᠨ ᠬᠢᠨᠠᠮᠠᠭᠠᠢ ᠭᠦᠢᠴᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠮᠥᠩᠭᠦᠨ | ᠭᠦᠢᠯᠭᠡᠭᠡᠨ ᠤ ᠬᠠᠩᠭᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠠᠬᠤᠢ ᠶᠢᠨ ᠤᠯᠠᠨ | ᠲᠡᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠬᠠᠩᠭᠠᠨ᠎ᠠ᠃ | ᠰᠤᠷᠪᠤᠯᠵᠢᠯᠠᠭ᠎ᠠ᠄ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠳᠡᠳ᠋ ᠳᠠᠷᠤᠭ᠎ᠠ ᠪᠠᠢ | ᠬᠠᠢ ᠳ᠋ᠦᠩ᠄ ︽ᠡᠨᠡ ᠵᠢᠯ ᠠᠴᠠ ᠨᠠᠰᠢ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠯ᠎ᠡ ᠬᠦᠷᠢᠶ᠎ᠡ᠂ | ᠡᠯ᠎ᠡ ᠭᠤᠭᠴᠤᠭ᠎ᠠ ᠶᠢᠨ ᠲᠣᠭᠤᠷᠢᠨ ᠳᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠣᠷᠣᠭᠤᠯᠤᠯᠲᠠ ᠶᠢ | ᠦᠷᠭᠦᠯᠵᠢᠯᠡᠨ ᠨᠡᠮᠡᠭᠳᠡᠭᠦᠯᠵᠦ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠮᠥᠩᠭᠦᠨ | ᠭᠦᠢᠯᠭᠡᠭᠡᠨ ᠤ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠪᠠ︾ ᠭᠡᠪᠡ᠃ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠳᠣᠷᠣᠭᠰᠢ ᠪᠠᠭᠤᠯᠭᠠᠵᠤ᠂ ᠲᠠᠷᠢᠶᠠᠴᠢᠨ ᠡᠷᠦᠬᠡ ᠲᠠᠢ | ᠢᠳᠡᠪᠬᠢᠲᠡᠢ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠵᠦ᠂ ᠲᠠᠷᠢᠶᠠᠴᠢᠨ ᠡᠷᠦᠬᠡ᠂ | ᠬᠤᠳᠠᠯᠳᠤᠭᠠᠨ ᠤ ᠡᠷᠦᠬᠡ ᠶᠢ ᠬᠠᠪᠰᠤᠷᠤᠨ ᠪᠡᠯᠡ ᠮᠥᠩᠭᠦ ᠪᠠ ᠬᠦᠴᠢᠷ ᠠᠰᠠᠭᠤᠳᠠᠯ ᠢ ᠰᠢᠢᠳᠪᠦᠷᠢᠯᠡᠵᠦ᠂ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠰᠡᠳᠬᠢᠯ ᠲᠠᠯᠪᠢᠨ ᠦᠢᠯᠡᠴᠢᠯᠡᠵᠦ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ | | ᠰᠣᠷᠪᠣᠯᠵᠢᠯᠬᠠᠴᠢ᠄ ᠵᠠᠩ ᠹᠸᠢ ᠢᠣᠢ | ᠣᠷᠴᠢᠭᠤᠯᠣᠨᠨᠴᠢ᠄ ᠬᠠᠶᠢᠷᠬᠠᠨ | |