ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠴᠠᠬᠢᠯᠭᠠᠨ ᠬᠦᠴᠦ ᠪᠠᠷ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠵᠤ ᠬᠠᠪᠤᠷ ᠤᠨ ᠲᠠᠷᠢᠶᠠᠯᠠᠭ᠎ᠠ ᠶᠢ ᠪᠠᠳᠣᠯᠠᠨ᠎ᠠ
ᠨᠡᠶᠢᠲᠡᠯᠡᠭᠰᠡᠨ ᠴᠠᠭ᠄
2025/4/23
     ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠣᠭᠲᠠᠭᠤᠨ ᠪᠥᠭᠡᠳ ᠨᠠᠶᠢᠳᠠᠪᠤᠷᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠢᠳᠡᠪᠬᠢᠲᠡᠶ ᠬᠥᠳᠡᠯᠦᠯᠴᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠣᠳᠠᠲᠤ ᠠᠵᠢᠯᠯᠠᠭ᠎ᠠ ᠪᠠᠷ ᠢᠶᠠᠨ ᠲᠠᠷᠢᠶᠠᠯᠠᠩ ᠤᠨ ᠦᠢᠯᠡᠳᠪᠦᠷᠢᠯᠡᠯ ᠳᠤ ᠬᠦᠴᠦᠨ ᠨᠡᠮᠡᠷᠢᠯᠡᠵᠦ᠂ ᠲᠠᠷᠢᠶᠠᠯᠠᠬᠤ ᠴᠠᠭ ᠢ ᠰᠠᠭᠠᠲᠠᠭᠠᠬᠤ ᠥᠬᠡᠶ ᠪᠠᠷ ᠬᠠᠪᠤᠷ ᠤᠨ ᠲᠠᠷᠢᠶᠠᠯᠠᠭ᠎ᠠ ᠶᠢ ᠪᠠᠳᠣᠯᠠᠨ᠎ᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠳᠤ᠂ ᠴᠠᠬᠢᠯᠭᠠᠨ ᠬᠠᠩᠭᠠᠬᠤ

ᠬᠤᠪᠢᠶᠠᠷᠢ ᠺᠣᠮᠫᠠᠨᠢ ᠲᠤᠰᠬᠠᠶ ᠴᠠᠬᠢᠯᠭᠠᠨ ᠬᠦᠴᠦᠨ ᠤ ᠪᠠᠶᠢᠴᠠᠭᠠᠨ ᠵᠠᠰᠠᠬᠤ ᠠᠵᠢᠯᠲᠠᠨ ᠢ ᠵᠣᠬᠢᠶᠠᠨ ᠪᠠᠶᠢᠭᠤᠯᠤᠨ

ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠤᠯᠪᠣᠭᠳᠠᠬᠤ

ᠴᠠᠬᠢᠯᠭᠠᠨ ᠬᠠᠩᠭᠠᠬᠤ ᠱᠤᠭᠤᠮ ᠪᠠ ᠲᠥᠬᠦᠭᠡᠷᠦᠮᠵᠢ ᠶᠢ ᠪᠥᠬᠦ ᠲᠠᠯ᠎ᠠ ᠪᠠᠷ ᠲᠣᠭᠤᠷᠢᠨ  ᠪᠠᠶᠢᠴᠠᠭᠠᠬᠤ ᠪᠠ  

ᠬᠠᠮᠠᠭᠠᠯᠠᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠶᠢᠨ ᠬᠠᠮᠲᠤ

ᠠᠷᠢᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠳᠠᠭᠠᠭᠠᠴᠠ ᠶᠢ ᠤᠷᠢᠳᠴᠢᠯᠠᠨ ᠵᠢᠱᠢᠬᠦ ᠠᠵᠢᠯ ᠢ

ᠰᠠᠶᠢᠲᠤᠷ ᠬᠢᠵᠦ᠂ ︽ᠳᠦᠭᠦᠷᠡᠩ︾ ᠴᠠᠬᠢᠯᠭᠠᠨ ᠬᠦᠴᠦᠨ ᠢᠶᠠᠷ ᠬᠠᠪᠤᠷ ᠤᠨ ᠲᠠᠷᠢᠶᠠᠯᠠᠭ᠎ᠠ ᠶᠢ ᠲᠡᠮᠵᠢᠨ᠎ᠡ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠲᠣᠰᠬᠤᠨ ᠤ ᠠᠷᠠᠳ ᠡᠦ

ᠬᠦᠶ ᠯᠢᠶᠠᠩ᠄ ︽ᠬᠠᠪᠤᠷ ᠪᠢᠳᠡ ᠳᠠᠷᠢᠵᠤ ᠡᠬᠢᠯᠡᠭᠰᠡᠨ ᠠᠴᠠ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠬᠢᠨ

ᠡᠷᠦᠬᠡ ᠳᠤ ᠣᠷᠣᠵᠤ ᠵᠢᠭᠰᠠᠭᠠᠨ ᠪᠠᠶᠢᠴᠠᠭᠠᠵᠤ᠂ ᠣᠲᠣ ᠴᠤ ᠢᠳᠡᠪᠬᠢᠲᠡᠶ ᠪᠠᠷ ᠪᠠᠶᠢᠴᠠᠭᠠᠨ ᠵᠠᠰᠠᠵᠤ᠂ ᠤᠳᠠᠯ ᠥᠬᠡᠶ

ᠤᠰᠤᠯᠠᠬᠤ ᠪᠣᠯᠤᠯ᠎ᠠ᠂ ᠴᠠᠬᠢᠯᠭᠠᠨ ᠤ ᠦᠢᠯᠡᠰ ᠤᠨ ᠡᠯ᠎ᠡ ᠲᠠᠯ᠎ᠠ ᠪᠠᠷ ᠴᠥᠮ ᠮᠠᠰᠢ ᠰᠠᠶᠢᠨ ᠬᠢᠵᠦ ᠪᠠᠶᠢᠨ᠎ᠠ︾ ᠭᠡᠪᠡ᠃

     ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ

ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠪᠠᠰᠠ ᠬᠠᠪᠤᠷ ᠤᠨ ᠲᠠᠷᠢᠶᠠᠯᠠᠭ᠎ᠠ ᠶᠢᠨ ᠴᠠᠬᠢᠯᠭᠠᠨ ᠬᠡᠷᠡᠭᠯᠡᠬᠦ ︽ᠰᠠᠭᠠᠳ

ᠥᠬᠡᠶ ᠨᠡᠪᠲᠡᠷᠡᠬᠦ ᠵᠠᠮ︾ ᠢ ᠨᠡᠭᠡᠭᠡᠵᠦ᠂ ᠴᠠᠬᠢᠯᠭᠠᠨ ᠬᠡᠷᠡᠭᠯᠡᠬᠦ ᠭᠤᠶᠤᠴᠢᠯᠠᠯ ᠤᠨ ᠭᠠᠷᠳᠠᠮ ᠢ ᠳᠥᠭᠦᠮᠴᠢᠯᠡᠵᠦ᠂

ᠲᠠᠷᠢᠶᠠᠴᠢᠨ ᠡᠷᠦᠬᠡ ᠳᠤ ᠤᠰᠤᠯᠤᠯᠲᠠ ᠶᠢᠨ ᠴᠠᠬᠢᠯᠭᠠᠨ ᠬᠡᠷᠡᠭᠯᠡᠬᠦ ᠲᠤᠬᠠᠶᠢᠯᠠᠭᠰᠠᠨ ᠠᠵᠢᠯ ᠢ ᠤᠷᠢᠳᠠᠪᠠᠷ

ᠭᠦᠢᠴᠡᠳᠬᠡᠵᠦ᠂ ᠲᠦᠷ ᠴᠠᠭ ᠴᠠᠬᠢᠯᠭᠠᠨ ᠬᠡᠷᠡᠭᠯᠡᠬᠦ ᠴᠢᠬᠤᠯᠠᠲᠠᠶ ᠲᠠᠷᠢᠶᠠᠴᠢᠨ ᠡᠷᠦᠬᠡ ᠳᠤ ᠠᠵᠢᠯᠲᠠᠳ

ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠦᠢᠯᠡᠴᠢᠯᠡᠵᠦ᠂ ᠲᠡᠳᠡᠨ ᠢ ᠬᠠᠪᠰᠤᠷᠤᠨ ᠴᠠᠬᠢᠯᠭᠠᠨ ᠬᠡᠷᠡᠭᠯᠡᠬᠦ

ᠲᠥᠬᠦᠭᠡᠷᠦᠮᠵᠢ ᠶᠢ ᠤᠭᠰᠠᠷᠠᠵᠤ ᠲᠤᠷᠰᠢᠨ ᠬᠡᠷᠡᠭᠵᠢᠭᠦᠯᠬᠦ ᠶᠢ ᠲᠦᠷᠭᠡᠨ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ

ᠴᠠᠭ ᠲᠤᠬᠠᠶ ᠳᠤᠨᠢ ᠴᠠᠬᠢᠯᠭᠠᠨ ᠬᠡᠷᠡᠭᠯᠡᠵᠦ᠂ ᠬᠠᠪᠤᠷ ᠤᠨ ᠲᠠᠷᠢᠶᠠᠯᠠᠭ᠎ᠠ ᠶᠢ ᠰᠠᠭᠠᠲᠠᠭᠠᠬᠤ ᠥᠬᠡᠶ ᠪᠠᠶᠢᠬᠤ ᠶᠢ ᠦᠨᠡᠨ

ᠬᠦ ᠪᠠᠲᠤᠯᠠᠪᠠ᠃

     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠡᠳ᠋

ᠳᠠᠭᠠᠭᠠᠮᠠᠯ ᠭᠤᠸᠠᠨ ᠶᠤᠸᠠᠢ᠄ ︽ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠴᠠᠬᠢᠯᠭᠠᠨ ᠬᠡᠷᠡᠭᠯᠡᠬᠦ ᠥᠨᠳᠥᠷ

ᠠᠴᠢᠶᠠᠯᠠᠪᠤᠷᠢ ᠶᠢᠨ ᠰᠢᠯᠭᠠᠯᠲᠠ ᠶᠢ ᠠᠷᠭᠠᠴᠠᠬᠤ ᠶᠢᠨ ᠲᠥᠯᠥᠭᠡ᠂ ᠪᠢᠳᠡ ᠬᠠᠪᠤᠷ ᠤᠨ ᠪᠠᠶᠢᠴᠠᠭᠠᠨ ᠵᠠᠰᠠᠬᠤ ᠠᠵᠢᠯ ᠢ

ᠥᠷᠨᠢᠭᠦᠯᠵᠦ᠂ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠡᠮ ᠰᠣᠭᠤᠭ ᠢ ᠢᠯᠡᠷᠡᠭᠦᠯᠬᠦ ᠶᠢᠨ ᠬᠠᠮᠲᠤ ᠠᠷᠢᠯᠭᠠᠵᠤ᠂

ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠠᠶᠤᠯᠭᠦᠶ ᠠᠵᠢᠯᠯᠠᠭᠠᠨ ᠤ ᠬᠢᠷᠢ ᠲᠦᠪᠰᠢᠨ ᠢ ᠪᠥᠬᠦ ᠲᠠᠯ᠎ᠠ ᠪᠠᠷ

ᠳᠡᠭᠡᠭᠰᠢᠯᠡᠭᠦᠯᠦᠨ᠂ ︿ᠵᠠᠰᠠᠪᠠᠰᠤ ᠵᠣᠬᠢᠬᠤ ᠶᠢ ᠨᠢ ᠵᠠᠪᠠᠯ ᠵᠠᠰᠠᠵᠤ᠂ ᠵᠠᠰᠠᠪᠠᠰᠤ ᠴᠢᠬᠤᠯᠠᠳᠡᠢ ᠶᠢ ᠨᠢ ᠵᠠᠪᠠᠯ ᠰᠠᠶᠢᠲᠤᠷ

ᠵᠠᠰᠠᠵᠤ᠂ ᠲᠣᠷᠰᠢᠬᠤ ᠶᠢ ᠨᠢ ᠵᠠᠪᠠᠯ ᠲᠤᠷᠰᠢᠬᠤ﹀ ᠶᠢ ᠪᠡᠶᠡᠯᠡᠭᠦᠯᠵᠦ᠂ ᠠᠮᠤᠷ ᠲᠦᠪᠰᠢᠨ ᠤ ᠬᠡᠮ ᠰᠣᠭᠤᠭ ᠢ

ᠵᠢᠭᠰᠠᠭᠠᠨ ᠪᠠᠶᠢᠴᠠᠭᠠᠵᠤ᠂ ᠲᠥᠬᠦᠭᠡᠷᠦᠮᠵᠢ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ

ᠬᠤᠰᠢᠭᠤᠨ ᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠵᠤ᠂ ᠪᠥᠬᠦ ᠬᠤᠰᠢᠭᠤᠨ ᠤ

ᠡᠵᠡᠩᠨᠡᠯᠲᠡ ᠦᠢᠯᠡᠳᠪᠦᠷᠢᠯᠡᠯ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ︾ ᠭᠡᠵᠦ ᠢᠯᠡᠷᠬᠡᠶᠢᠯᠡᠪᠡ᠃

     ᠴᠠᠬᠢᠯᠭᠠᠨ ᠬᠦᠴᠦᠨ ᠢ ᠤᠷᠢᠳᠠᠪᠠᠷ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠪᠣᠯᠤᠨ

ᠲᠠᠷᠢᠶᠠᠯᠠᠩ ᠤᠨ ᠮᠠᠰᠢᠨᠴᠢᠯᠠᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠨᠠᠩ ᠴᠤ ᠴᠠᠬᠠᠷ ᠪᠠᠷᠠᠭᠤᠨ ᠭᠠᠷᠤᠨ

ᠳᠤᠮᠳᠠᠳᠤ ᠬᠤᠰᠢᠭᠤᠨ ᠤ ᠥᠷᠭᠡᠨ ᠣᠯᠠᠨ ᠲᠠᠷᠢᠶᠠᠴᠢᠨ ᠡᠷᠦᠬᠡ ᠰᠢᠨ᠎ᠡ ᠨᠢᠭᠡ ᠵᠢᠯ ᠳᠤ ᠭᠠᠷᠤᠯᠲᠠ ᠪᠠᠨ

ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠰᠠᠶᠢᠨ ᠡᠬᠢᠯᠡᠯᠲᠡ ᠲᠠᠢ ᠪᠣᠯᠵᠠᠶ᠃

 

       

        ᠰᠤᠷᠪᠤᠯᠵᠢᠯᠠᠭᠴᠢ᠄ ᠭᠤᠤ ᠸᠧᠶ   ᠵᠠᠩ ᠯᠢ ᠨᠠ     ᠸᠠᠩ ᠰᠢᠤᠢ

        ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号