ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠣᠭᠲᠠᠭᠤᠨ ᠪᠥᠭᠡᠳ | ᠨᠠᠶᠢᠳᠠᠪᠤᠷᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ ᠢᠳᠡᠪᠬᠢᠲᠡᠶ ᠬᠥᠳᠡᠯᠦᠯᠴᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ᠂ ᠪᠣᠳᠠᠲᠤ ᠠᠵᠢᠯᠯᠠᠭ᠎ᠠ ᠪᠠᠷ ᠢᠶᠠᠨ ᠲᠠᠷᠢᠶᠠᠯᠠᠩ ᠤᠨ ᠦᠢᠯᠡᠳᠪᠦᠷᠢᠯᠡᠯ ᠳᠤ ᠬᠦᠴᠦᠨ ᠨᠡᠮᠡᠷᠢᠯᠡᠵᠦ᠂ ᠲᠠᠷᠢᠶᠠᠯᠠᠬᠤ | ᠴᠠᠭ ᠢ ᠰᠠᠭᠠᠲᠠᠭᠠᠬᠤ ᠥᠬᠡᠶ ᠪᠠᠷ ᠬᠠᠪᠤᠷ ᠤᠨ ᠲᠠᠷᠢᠶᠠᠯᠠᠭ᠎ᠠ ᠶᠢ ᠪᠠᠳᠣᠯᠠᠨ᠎ᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠳᠤ᠂ ᠴᠠᠬᠢᠯᠭᠠᠨ ᠬᠠᠩᠭᠠᠬᠤ ᠬᠤᠪᠢᠶᠠᠷᠢ | ᠺᠣᠮᠫᠠᠨᠢ ᠲᠤᠰᠬᠠᠶ ᠴᠠᠬᠢᠯᠭᠠᠨ ᠬᠦᠴᠦᠨ ᠤ ᠪᠠᠶᠢᠴᠠᠭᠠᠨ ᠵᠠᠰᠠᠬᠤ ᠠᠵᠢᠯᠲᠠᠨ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ | ᠭᠦᠨᠵᠡᠭᠡᠶᠢᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠤᠯᠪᠣᠭᠳᠠᠬᠤ ᠴᠠᠬᠢᠯᠭᠠᠨ ᠬᠠᠩᠭᠠᠬᠤ ᠱᠤᠭᠤᠮ | ᠪᠠ ᠲᠥᠬᠦᠭᠡᠷᠦᠮᠵᠢ ᠶᠢ ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ ᠪᠠ ᠬᠠᠮᠠᠭᠠᠯᠠᠵᠤ᠂ ᠠᠮᠤᠷ ᠲᠦᠪᠰᠢᠨ ᠤ ᠳᠠᠯᠳᠠ ᠬᠡᠮ ᠢ | ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠳᠠᠭᠠᠭᠠᠴᠠ ᠶᠢ ᠤᠷᠢᠳᠴᠢᠯᠠᠨ ᠵᠢᠱᠢᠬᠦ ᠠᠵᠢᠯ ᠢ ᠰᠠᠶᠢᠲᠤᠷ ᠬᠢᠵᠦ᠂ ︽ᠳᠦᠭᠦᠷᠡᠩ︾ ᠴᠠᠬᠢᠯᠭᠠᠨ ᠬᠦᠴᠦᠨ ᠢᠶᠠᠷ | ᠬᠠᠪᠤᠷ ᠤᠨ ᠲᠠᠷᠢᠶᠠᠯᠠᠭ᠎ᠠ ᠶᠢ ᠲᠡᠮᠵᠢᠨ᠎ᠡ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠲᠣᠰᠬᠤᠨ ᠤ ᠠᠷᠠᠳ ᠡᠦ ᠬᠦᠶ | ᠯᠢᠶᠠᠩ᠄ ︽ᠬᠠᠪᠤᠷ ᠪᠢᠳᠡ ᠳᠠᠷᠢᠵᠤ ᠡᠬᠢᠯᠡᠭᠰᠡᠨ ᠠᠴᠠ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠬᠢᠨ ᠡᠷᠦᠬᠡ ᠳᠤ | ᠣᠷᠣᠵᠤ ᠵᠢᠭᠰᠠᠭᠠᠨ ᠪᠠᠶᠢᠴᠠᠭᠠᠵᠤ᠂ ᠣᠲᠣ ᠴᠤ ᠢᠳᠡᠪᠬᠢᠲᠡᠶ ᠪᠠᠷ ᠪᠠᠶᠢᠴᠠᠭᠠᠨ ᠵᠠᠰᠠᠵᠤ᠂ ᠤᠳᠠᠯ ᠥᠬᠡᠶ ᠤᠰᠤᠯᠠᠬᠤ | ᠪᠣᠯᠤᠯ᠎ᠠ᠂ ᠴᠠᠬᠢᠯᠭᠠᠨ ᠤ ᠦᠢᠯᠡᠰ ᠤᠨ ᠡᠯ᠎ᠡ ᠲᠠᠯ᠎ᠠ ᠪᠠᠷ ᠴᠥᠮ ᠮᠠᠰᠢ ᠰᠠᠶᠢᠨ ᠬᠢᠵᠦ ᠪᠠᠶᠢᠨ᠎ᠠ︾ ᠭᠡᠪᠡ᠃ | ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ ᠪᠠᠰᠠ ᠬᠠᠪᠤᠷ ᠤᠨ ᠲᠠᠷᠢᠶᠠᠯᠠᠭ᠎ᠠ ᠶᠢᠨ ᠴᠠᠬᠢᠯᠭᠠᠨ ᠬᠡᠷᠡᠭᠯᠡᠬᠦ ︽ᠰᠠᠭᠠᠳ ᠥᠬᠡᠶ ᠨᠡᠪᠲᠡᠷᠡᠬᠦ | ᠵᠠᠮ︾ ᠢ ᠨᠡᠭᠡᠭᠡᠵᠦ᠂ ᠴᠠᠬᠢᠯᠭᠠᠨ ᠬᠡᠷᠡᠭᠯᠡᠬᠦ ᠭᠤᠶᠤᠴᠢᠯᠠᠯ ᠤᠨ ᠭᠠᠷᠳᠠᠮ ᠢ ᠳᠥᠭᠦᠮᠴᠢᠯᠡᠵᠦ᠂ ᠲᠠᠷᠢᠶᠠᠴᠢᠨ ᠡᠷᠦᠬᠡ ᠳᠤ | ᠤᠰᠤᠯᠤᠯᠲᠠ ᠶᠢᠨ ᠴᠠᠬᠢᠯᠭᠠᠨ ᠬᠡᠷᠡᠭᠯᠡᠬᠦ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠵᠦ᠂ ᠲᠦᠷ ᠴᠠᠭ ᠴᠠᠬᠢᠯᠭᠠᠨ | ᠬᠡᠷᠡᠭᠯᠡᠬᠦ ᠴᠢᠬᠤᠯᠠᠲᠠᠶ ᠲᠠᠷᠢᠶᠠᠴᠢᠨ ᠡᠷᠦᠬᠡ ᠳᠤ ᠠᠵᠢᠯᠲᠠᠳ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠦᠢᠯᠡᠴᠢᠯᠡᠵᠦ᠂ | ᠲᠡᠳᠡᠨ ᠢ ᠬᠠᠪᠰᠤᠷᠤᠨ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢ ᠤᠭᠰᠠᠷᠠᠵᠤ ᠲᠤᠷᠰᠢᠨ ᠬᠡᠷᠡᠭᠵᠢᠭᠦᠯᠬᠦ ᠶᠢ ᠲᠦᠷᠭᠡᠨ | ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ᠴᠠᠭ ᠲᠤᠬᠠᠶ ᠳᠤᠨᠢ ᠴᠠᠬᠢᠯᠭᠠᠨ ᠬᠡᠷᠡᠭᠯᠡᠵᠦ᠂ ᠬᠠᠪᠤᠷ ᠤᠨ ᠲᠠᠷᠢᠶᠠᠯᠠᠭ᠎ᠠ ᠶᠢ | ᠰᠠᠭᠠᠲᠠᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠡᠳ᠋ | ᠳᠠᠭᠠᠭᠠᠮᠠᠯ ᠭᠤᠸᠠᠨ ᠶᠤᠸᠠᠢ᠄ ︽ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠴᠠᠬᠢᠯᠭᠠᠨ ᠬᠡᠷᠡᠭᠯᠡᠬᠦ ᠥᠨᠳᠥᠷ | ᠠᠴᠢᠶᠠᠯᠠᠪᠤᠷᠢ ᠶᠢᠨ ᠰᠢᠯᠭᠠᠯᠲᠠ ᠶᠢ ᠠᠷᠭᠠᠴᠠᠬᠤ ᠶᠢᠨ ᠲᠥᠯᠥᠭᠡ᠂ ᠪᠢᠳᠡ ᠬᠠᠪᠤᠷ ᠤᠨ ᠪᠠᠶᠢᠴᠠᠭᠠᠨ ᠵᠠᠰᠠᠬᠤ ᠠᠵᠢᠯ ᠢ | ᠥᠷᠨᠢᠭᠦᠯᠵᠦ᠂ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠡᠮ ᠰᠣᠭᠤᠭ ᠢ ᠢᠯᠡᠷᠡᠭᠦᠯᠬᠦ ᠶᠢᠨ ᠬᠠᠮᠲᠤ ᠠᠷᠢᠯᠭᠠᠵᠤ᠂ | ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠠᠶᠤᠯᠭᠦᠶ ᠠᠵᠢᠯᠯᠠᠭᠠᠨ ᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ︿ᠵᠠᠰᠠᠪᠠᠰᠤ ᠵᠣᠬᠢᠬᠤ ᠶᠢ ᠨᠢ ᠵᠠᠪᠠᠯ ᠵᠠᠰᠠᠵᠤ᠂ ᠵᠠᠰᠠᠪᠠᠰᠤ ᠴᠢᠬᠤᠯᠠᠳᠡᠢ ᠶᠢ ᠨᠢ ᠵᠠᠪᠠᠯ ᠰᠠᠶᠢᠲᠤᠷ ᠵᠠᠰᠠᠵᠤ᠂ | ᠲᠣᠷᠰᠢᠬᠤ ᠶᠢ ᠨᠢ ᠵᠠᠪᠠᠯ ᠲᠤᠷᠰᠢᠬᠤ﹀ ᠶᠢ ᠪᠡᠶᠡᠯᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ | ᠲᠥᠬᠦᠭᠡᠷᠦᠮᠵᠢ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠴᠠᠬᠢᠯᠭᠠᠨ | ᠬᠡᠷᠡᠭᠯᠡᠬᠦ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠵᠤ᠂ ᠪᠥᠬᠦ ᠬᠤᠰᠢᠭᠤᠨ ᠤ ᠡᠵᠡᠩᠨᠡᠯᠲᠡ ᠦᠢᠯᠡᠳᠪᠦᠷᠢᠯᠡᠯ ᠳᠤ | ᠪᠠᠲᠤ ᠪᠠᠬᠢ ᠪᠠᠲᠤᠯᠠᠭ᠎ᠠ ᠬᠠᠩᠭᠠᠨ᠎ᠠ︾ ᠭᠡᠵᠦ ᠢᠯᠡᠷᠬᠡᠶᠢᠯᠡᠪᠡ᠃ | ᠴᠠᠬᠢᠯᠭᠠᠨ ᠬᠦᠴᠦᠨ ᠢ ᠤᠷᠢᠳᠠᠪᠠᠷ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠪᠣᠯᠤᠨ ᠲᠠᠷᠢᠶᠠᠯᠠᠩ ᠤᠨ | ᠮᠠᠰᠢᠨᠴᠢᠯᠠᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠨᠠᠩ ᠴᠤ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠥᠷᠭᠡᠨ ᠣᠯᠠᠨ ᠲᠠᠷᠢᠶᠠᠴᠢᠨ ᠡᠷᠦᠬᠡ ᠰᠢᠨ᠎ᠡ ᠨᠢᠭᠡ ᠵᠢᠯ ᠳᠤ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ | ᠨᠡᠮᠡᠭᠳᠡᠭᠦᠯᠬᠦ ᠳᠤ ᠰᠠᠶᠢᠨ ᠡᠬᠢᠯᠡᠯᠲᠡ ᠲᠠᠢ ᠪᠣᠯᠵᠠᠶ᠃ | | | ᠰᠤᠷᠪᠤᠯᠵᠢᠯᠠᠭᠴᠢ᠄ ᠭᠤᠤ ᠸᠧᠶ ᠵᠠᠩ ᠯᠢ ᠨᠠ ᠸᠠᠩ ᠰᠢᠤᠢ | ᠣᠷᠴᠢᠭᠤᠯᠣᠨᠨᠴᠢ᠄ ᠭᠧ ᠲᠣᠸᠠᠨ ᠯᠢᠶᠡᠨ | |