ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠬᠡᠪᠦᠷ ᠪᠠᠯᠭᠠᠰᠤᠨ ᠤ ᠨᠢᠭᠡᠳᠤᠭᠡᠷ | ᠲᠣᠰᠬᠤᠨ ᠤᠨᠴᠠᠯᠢᠬᠳᠤ ᠲᠠᠷᠢᠮᠠᠯ ᠢᠶᠠᠷ ᠰᠢᠪᠲᠤᠯᠤᠯᠲᠠ ᠪᠣᠯᠭᠠᠵᠤ᠂ ᠢᠳᠡᠰᠢᠨ ᠨᠣᠭᠤᠭ᠎ᠠ ᠶᠢᠨ ᠬᠦᠯᠡᠮᠵᠢ ᠶᠢᠨ ᠠᠵᠤ | ᠦᠢᠯᠡᠰ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ | ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠠᠷᠭ᠎ᠠ ᠵᠠᠮ ᠢ ᠨᠡᠭᠡᠭᠡᠪᠠ᠃ | | | | | ᠰᠣᠷᠪᠣᠯᠵᠢᠯᠬᠠᠴᠢ ᠬᠥᠬᠡᠪᠦᠷ ᠪᠠᠯᠭᠠᠰᠤᠨ ᠤ ᠨᠢᠭᠡᠳᠤᠭᠡᠷ ᠲᠣᠰᠬᠤᠨ ᠳᠤ ᠬᠦᠷᠬᠦ ᠳᠤ᠂ ᠠᠷᠪᠠᠨ ᠬᠡᠳᠦᠨ ᠰᠢᠨ᠎ᠡ | ᠬᠡᠯᠪᠡᠷᠢ ᠶᠢᠨ ᠬᠦᠯᠡᠮᠵᠢ ᠨᠡᠷᠡᠨ ᠤ ᠭᠡᠷᠡᠯ ᠤᠨ ᠳᠣᠣᠷ᠎ᠠ ᠲᠡᠷᠢ ᠲᠡᠭᠰᠢ ᠪᠠᠶᠢᠷᠢᠯᠠᠵᠤ᠂ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠵᠢᠷᠤᠭᠯᠠᠪᠠ᠃ ᠬᠦᠯᠡᠮᠵᠢ ᠶᠢᠨ | ᠡᠭᠦᠳᠡ ᠶᠢ ᠰᠡᠬᠦᠬᠦ ᠳᠤ᠂ ᠨᠢᠭᠤᠷ ᠲᠦᠭᠦᠷᠡᠩ ᠬᠠᠯᠠᠭᠤᠨ ᠠᠭᠤᠷ ᠪᠠ ᠭᠦᠷᠦᠰᠦ ᠰᠢᠷᠤᠢ ᠶᠢᠨ ᠠᠩᠬᠢᠯᠤᠮ᠎ᠠ ᠦᠨᠦᠷ | ᠬᠠᠩᠬᠤᠯᠵᠤ᠂ ᠲᠦᠭᠦᠬᠡᠶ ᠨᠣᠭᠤᠭ᠎ᠠ᠂ ᠲᠥᠪᠡᠳ ᠬᠠᠰᠢ᠂ ᠯᠤᠤᠪᠠᠩ ᠵᠡᠷᠭᠡ ᠢᠳᠡᠰᠢᠨ ᠨᠣᠭᠤᠭ᠎ᠠ ᠢᠭᠴᠤ ᠰᠠᠬᠤᠯᠢᠭ | ᠤᠷᠭᠤᠵᠦ᠂ ᠳᠠᠯᠠᠩ ᠳᠠᠯᠠᠩ ᠨᠢ ᠵᠠᠯᠭᠠᠯᠳᠤᠨ᠎ᠠ᠃ ᠨᠣᠭᠤᠭ᠎ᠠ ᠲᠠᠷᠢᠭᠴᠢᠳ ᠨᠠᠰᠢ ᠴᠠᠰᠢ ᠰᠦᠯᠵᠢᠯᠳᠦᠵᠦ᠂ ᠲᠡᠭᠦᠬᠦ᠂ | ᠢᠯᠭᠠᠬᠤ᠂ ᠬᠠᠶᠢᠷᠴᠠᠭ ᠲᠤ ᠰᠠᠪᠠᠯᠠᠬᠤ ᠪᠠᠷ ᠶᠠᠭᠠᠷᠠᠯᠳᠤᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠬᠥᠮᠦᠨ | ᠪᠦᠭᠦᠨ ᠤ ᠬᠠᠴᠠᠷ ᠳᠡᠭᠡᠷ᠎ᠡ ᠪᠢᠯᠬᠠᠵᠦ ᠪᠠᠶᠢᠯ᠎ᠠ᠃ | | | | | ᠬᠥᠬᠡᠪᠦᠷ ᠪᠠᠯᠭᠠᠰᠤᠨ ᠤ ᠨᠢᠭᠡᠳᠤᠭᠡᠷ ᠲᠤᠰᠬᠤᠨ ᠤ ᠢᠳᠡᠰᠢᠨ ᠨᠣᠭᠤᠭ᠎ᠠ ᠨᠢ ᠰᠢᠨ᠎ᠡ ᠰᠣᠷᠭᠤᠭ ᠡᠷᠡᠭᠦᠯ ᠴᠢᠭᠢᠷᠠᠭ᠂ | ᠦᠨ᠎ᠡ ᠬᠠᠩᠰᠢ ᠲᠣᠬᠢᠷᠠᠮᠵᠢᠳᠡᠢ ᠳᠠᠪᠠᠭᠤᠯᠢᠭ ᠲᠠᠭᠠᠨ ᠲᠦᠰᠢᠭᠯᠡᠨ᠂ ᠮᠠᠰᠢ ᠲᠦᠷᠭᠡᠨ ᠢᠶᠠᠷ ᠲᠤᠬᠠᠶ ᠶᠢᠨ ᠭᠠᠵᠠᠷ ᠤᠨ | ᠥᠷᠯᠥᠭᠡ ᠶᠢᠨ ᠵᠠᠬ᠎ᠠ ᠳᠡᠯᠭᠡᠭᠦᠷ ᠤᠨ ︽ᠪᠤᠯᠢᠶᠠᠯᠳᠤᠬᠤ ᠪᠠᠷᠠᠭ᠎ᠠ︾ ᠪᠣᠯᠤᠭᠰᠠᠨ ᠪᠠᠶᠢᠨ᠎ᠠ᠃ ᠡᠳᠦᠷ ᠪᠦᠷᠢ ᠶᠢᠨ | ᠥᠷᠯᠥᠭᠡ ᠶᠢᠨ ᠵᠠᠬ᠎ᠠ ᠳᠤ ᠲᠠᠷᠢᠮᠠᠯ ᠤᠨ ᠡᠷᠦᠬᠡ ᠰᠢᠨ᠎ᠡ ᠰᠣᠷᠭᠤᠭ ᠢᠳᠡᠰᠢᠨ ᠨᠣᠭᠤᠭ᠎ᠠ ᠪᠠᠨ ᠠᠪᠴᠢᠷᠠᠮᠬᠠᠴᠠ ᠬᠤᠲᠠ ᠶᠢᠨ | ᠠᠷᠠᠳ ᠪᠤᠯᠢᠶᠠᠯᠳᠤᠨ ᠬᠤᠳᠠᠯᠳᠤᠨ ᠠᠪᠴᠦ᠂ ︽ᠰᠢᠨ᠎ᠡ ᠰᠣᠷᠭᠤᠭ ᠲᠣᠰ ᠭᠠᠵᠠᠷ ᠤᠨ ᠨᠣᠭᠤᠭ᠎ᠠ ᠶᠢ ᠬᠤᠲᠠ ᠶᠢᠨ | ᠠᠷᠠᠳ ᠲᠡᠷᠡ ᠲᠠᠷᠤᠢ ᠳᠤᠨᠢ ᠬᠤᠳᠠᠯᠳᠤᠨ ᠠᠪᠬᠤ︾ ᠬᠥᠷ ᠬᠥᠭᠵᠢᠶᠡᠨ ᠲᠠᠢ ᠪᠠᠶᠢᠳᠠᠯ ᠢ ᠦᠨᠡᠨ ᠬᠦ ᠬᠠᠷᠠᠭᠤᠯᠪᠠ᠃ | ᠡᠨᠡ ᠨᠢ ᠲᠠᠷᠢᠮᠠᠯ ᠤᠨ ᠡᠷᠦᠬᠡ ᠶᠢ ᠪᠠᠶᠠᠵᠢᠭᠤᠯᠤᠭᠰᠠᠨ ᠢᠶᠠᠷ ᠪᠠᠷᠠᠬᠤ ᠦᠭᠡᠶ ᠬᠤᠲᠠ ᠶᠢᠨ ᠠᠷᠠᠳ ᠤᠨ ︽ ᠨᠣᠭᠤᠭ᠎ᠠ ᠶᠢᠨ | ᠰᠠᠭᠰᠤ︾ ᠶᠢ ᠴᠤ ᠲᠦᠭᠦᠷᠭᠡᠭᠰᠡᠨ ᠪᠠᠶᠢᠨ᠎ᠠ᠃ | | | | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠤᠷᠢᠳᠠᠪᠠᠷ ᠬᠥᠭᠵᠢᠭᠦᠯᠦᠨ᠎ᠡ᠃ | ᠬᠤᠶᠢᠰᠢᠳᠡ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠲᠠᠷᠢᠮᠠᠯ ᠤᠨ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠦᠯᠡᠮᠵᠢ ᠶᠢᠨ | ᠲᠠᠷᠢᠮᠠᠯ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ᠂ ᠨᠠᠷᠠᠲᠤ ᠲᠡᠮᠳᠡᠭᠵᠢᠯᠲᠡ ᠲᠡᠰᠢ ᠤᠷᠤᠭᠰᠢᠯᠠᠬᠤ ᠶᠢ ᠠᠬᠢᠭᠤᠯᠵᠤ᠂ | ︽ᠵᠢᠵᠢᠭ ᠬᠦᠯᠡᠮᠵᠢ︾ ᠨᠢ ︽ᠲᠣᠮᠣ ᠠᠵᠤ ᠦᠢᠯᠡᠰ︾ ᠢ ᠠᠴᠢᠶᠠᠯᠠᠵᠤ᠂ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠣ ᠰᠢᠨ᠎ᠡ ᠬᠠᠭᠤᠳᠠᠰᠤ ᠶᠢ | ᠪᠥᠬᠦ ᠲᠠᠯ᠎ᠠ ᠪᠠᠷ ᠵᠢᠷᠤᠭᠯᠠᠬᠤ ᠪᠣᠯᠤᠨ᠎ᠠ᠃ | | ᠰᠣᠷᠪᠣᠯᠵᠢᠯᠬᠠᠴᠢ᠄ ᠵᠠᠩ ᠰᠢᠶᠤᠤ ᠳ᠋ᠦᠩ ᠸᠠᠩ ᡁᠢ ᠹᠠᠩ | ᠣᠷᠴᠢᠭᠤᠯᠣᠨᠨᠴᠢ᠄ ᠬᠠᠶᠢᠷᠬᠠᠨ | | | | | |