ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/27
    25 ᠳ᠋ᠤᠭᠠᠷ ᠳᠡᠯᠡᠬᠡᠶ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠳᠦᠷ ᠬᠦᠷᠴᠦ  ᠢᠷᠡᠬᠦ  ᠲᠠᠰᠢᠷᠠᠮ ᠢᠶᠠᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ᠂ ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠬᠦᠴᠦᠲᠡᠶ ᠳᠡᠮᠵᠢᠬᠦ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ︽ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ + ᠠᠵᠤ ᠠᠬᠤᠶᠢᠯᠠᠯ ᠤᠨ ᠦᠢᠯᠡᠴᠢᠯᠡᠭᠡ︾ ᠪᠠᠷ ᠳᠠᠮᠵᠢᠭᠤᠯᠤᠨ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃

     4 ᠰᠠᠷ᠎ᠠ ᠶᠢᠨ 24 ᠤ ᠡᠳᠦᠷ᠂ ᠬᠤᠩ ᠷᠦᠨ ᠪᠦᠦ ᠬᠡᠳᠦ ᠳᠡᠯᠭᠡᠭᠦᠷ ᠤᠨ ᠡᠭᠦᠳᠡᠨ ᠡᠮᠦᠨ᠎ᠡ

ᠤᠬᠠᠭᠤᠯᠭ᠎ᠠ ᠶᠢᠨ ᠭᠤᠣᠯ ᠬᠤᠷᠠᠯ ᠤᠨ ᠲᠠᠯᠠᠪᠠᠢ ᠬᠦᠷ ᠬᠥᠭᠵᠢᠶᠡᠨ ᠲᠠᠢ ᠪᠠᠶᠢᠯ᠎ᠠ᠃ ᠠᠵᠢᠯᠲᠠᠳ ︽ᠮᠡᠳᠡᠯᠭᠡ ᠶᠢᠨ

ᠦᠮᠴᠢᠯᠡᠯ ᠤᠨ ᠡᠷᠬᠡ ᠬᠢᠭᠡᠳ ᠵᠣᠬᠢᠶᠠᠮᠠᠯ ᠣᠶᠤᠨ ᠴᠢᠳᠠᠪᠤᠷᠢ︾ ᠶᠢᠨ ᠦᠵᠡᠭᠦᠯᠭᠡ ᠶᠢᠨ ᠲᠣᠭᠤᠷᠢᠭ ᠪᠠᠶᠢᠭᠤᠯᠵᠤ᠂

ᠬᠥᠨᠳᠡᠯᠡᠨ ᠪᠢᠴᠢᠭᠡᠰᠦ ᠡᠯᠭᠦᠵᠦ᠂ ᠡᠷᠬᠡ ᠳᠤ ᠬᠠᠯᠳᠠᠭᠰᠠᠨ ᠳᠡᠯᠭᠡᠨ ᠦᠵᠡᠭᠦᠯᠬᠦ ᠰᠠᠮᠪᠠᠷ᠎ᠠ ᠶᠢ ᠳᠡᠯᠭᠡᠨ ᠦᠵᠡᠭᠦᠯᠵᠦ᠂

︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠭᠠᠷ ᠳᠡᠪᠲᠡᠷ︾᠂ ︽ᠠᠵᠤ

ᠠᠬᠤᠶᠢᠯᠠᠯ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠮᠡᠳᠡᠭᠦᠯᠬᠦ ᠵᠦᠭᠯᠡᠭᠦᠷ︾᠂ ︽ᠬᠡᠷᠡᠭᠯᠡᠭᠴᠢᠳ ᠤᠨ

ᠡᠷᠬᠡ ᠪᠠᠨ ᠬᠠᠮᠠᠭᠠᠯᠠᠬᠤ ᠭᠠᠷ ᠳᠡᠪᠲᠡᠷ︾ ᠵᠡᠷᠭᠡ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ ᠬᠤᠲᠠ ᠶᠢᠨ ᠠᠷᠠᠳ ᠢ

ᠬᠥᠲᠥᠯᠦᠨ ᠵᠢᠯᠣᠭᠤᠳᠴᠤ ᠪᠠᠶᠢᠭᠠᠳ ᠺᠣᠳ᠋ ᠰᠢᠷᠪᠢᠵᠦ ︽ᠦᠪᠦᠷ ᠮᠣᠩᠭᠤᠯ ᠲᠡᠮᠳᠡᠭᠲᠦ︾ ᠤᠨ ᠴᠠᠭᠠᠨ ᠢᠳᠡᠭᠡᠨ ᠤ

ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠯᠠᠪᠯᠠᠵᠤ᠂ ︽ᠲᠠᠸᠠᠷ ᠤᠨ ᠲᠡᠮᠳᠡᠭ ᠢ ᠦᠵᠡᠵᠦ᠂ ᠲᠤᠰᠬᠠᠶ ᠠᠰᠢᠭ ᠢ

ᠪᠠᠶᠢᠴᠠᠭᠠᠬᠤ︾ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠷᠭ᠎ᠠ ᠶᠢ ᠣᠶᠢᠯᠠᠭᠠᠭᠤᠯᠪᠠ᠃ ᠠᠵᠢᠯᠯᠠᠭ᠎ᠠ ᠳᠤ ᠣᠯᠠᠨ

ᠬᠤᠲᠠ ᠶᠢᠨ ᠠᠷᠠᠳ ᠢ ᠲᠠᠲᠠᠨ ᠣᠷᠣᠯᠴᠠᠭᠤᠯᠵᠤ᠂ 400 ᠭᠠᠷᠤᠶ ᠬᠤᠪᠢ ᠮᠠᠲ᠋ᠧᠷᠢᠶᠠᠯ ᠲᠠᠷᠬᠠᠭᠠᠵᠤ᠂ 80 ᠭᠠᠷᠤᠶ

ᠬᠥᠮᠦᠨ ᠤᠳᠠᠭ᠎ᠠ ᠶᠢᠨ ᠯᠠᠪᠯᠠᠯᠲᠠ ᠳᠤ ᠬᠠᠷᠢᠭᠤᠯᠲᠠ ᠥᠭᠪᠡ᠃

    ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠥᠪᠥᠷ

ᠮᠣᠩᠭᠤᠯ ᠤᠨ ᠮᠤᠨᠢ ᠠᠭᠤᠯᠠ ᠶᠢᠨ ᠰᠢᠯᠢᠳᠡᠭ ᠠᠮᠤ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠰᠤᠳᠤᠯᠤᠨ

ᠨᠡᠭᠡᠭᠡᠬᠦ ᠪᠦᠯᠬᠦᠮ ᠲᠠᠢ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠳᠤᠷᠠᠳᠤᠭᠰᠠᠨ ᠲᠤᠰᠬᠠᠶ ᠠᠰᠢᠭ ᠢ

ᠪᠢᠴᠢᠭᠰᠡᠨ ᠨᠢ ᠵᠢᠷᠤᠮᠵᠢᠯ ᠥᠬᠡᠶ᠂ ᠭᠠᠵᠠᠷ ᠵᠦᠶ ᠶᠢᠨ ᠲᠡᠮᠳᠡᠭ ᠢᠶᠠᠨ ᠬᠠᠮᠠᠭᠠᠯᠠᠬᠤ ᠳᠤ ᠬᠦᠴᠢᠷᠲᠡᠶ ᠪᠠᠶᠢᠬᠤ ᠵᠡᠷᠭᠡ

ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠲᠤᠰᠬᠠᠶ ᠠᠰᠢᠭ ᠤᠨ ᠭᠤᠶᠤᠴᠢᠯᠠᠯ ᠤᠨ  ᠪᠢᠴᠢᠭ  

ᠪᠢᠴᠢᠵᠦ᠂ ᠡᠷᠬᠡ ᠳᠤ ᠬᠠᠯᠳᠠᠭᠰᠠᠨ ᠰᠦᠪᠡᠭᠴᠢ ᠶᠢ ᠴᠤᠭᠯᠠᠭᠤᠯᠬᠤ ᠡᠬᠡ ᠲᠠᠩᠰᠠ ᠵᠢᠴᠢ ᠭᠠᠵᠠᠷ ᠵᠦᠶ ᠶᠢᠨ

ᠲᠡᠮᠳᠡᠭ ᠤᠨ ᠲᠤᠰᠬᠠᠶ ᠲᠡᠮᠳᠡᠭ ᠢ ᠵᠢᠷᠤᠮᠵᠢᠭᠤᠯᠤᠨ ᠬᠡᠷᠡᠭᠯᠡᠬᠦ ᠵᠡᠷᠭᠡ ᠶᠢ ᠵᠢᠯᠣᠭᠤᠳᠴᠤ᠂ ︽ᠨᠢᠭᠡ ᠳᠤ ᠨᠢᠭᠡ︾ ᠶᠢᠨ

ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠢᠪᠠ᠃

  ︽ᠲᠠᠷᠠᠭᠠᠴᠢ ᠶᠢᠨ ᠠᠯᠬᠤᠮ ᠳᠤ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ

ᠬᠥᠲᠥᠯᠥᠨ ᠵᠢᠯᠣᠭᠤᠳᠴᠤ ᠪᠠᠶᠢᠭᠠᠳ ︽ᠰᠠᠨᠠᠭᠠᠴᠢᠯᠠᠭᠠᠲᠤ ᠪᠤᠰᠤ ᠪᠠᠷ ᠬᠠᠮᠠᠭᠠᠯᠠᠬᠤ︾ ᠠᠴᠠ ︽

ᠰᠠᠨᠠᠭᠠᠴᠢᠯᠠᠭ᠎ᠠ ᠠᠴᠠ ᠪᠠᠨ ᠬᠡᠷᠡᠭᠯᠡᠬᠦ︾ ᠲᠡᠰᠢ ᠰᠢᠯᠵᠢᠭᠦᠯᠦᠨ᠎ᠡ᠃ ᠴᠠᠬᠠᠷ ᠪᠠᠷᠠᠭᠤᠨ ᠭᠠᠷᠤᠨ ᠳᠤᠮᠳᠠᠳᠤ

ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ

ᠴᠢᠶᠣᠤ ᠯᠢ ᠵᠢᠶᠦ᠋ᠨ ᠢᠯᠡᠷᠬᠡᠶᠢᠯᠡᠬᠦ ᠳᠡᠭᠡᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ︽ᠮᠡᠳᠡᠯᠭᠡ ᠶᠢᠨ ᠦᠮᠴᠢᠯᠡᠯ ᠤᠨ ᠡᠷᠬᠡ ᠶᠢᠨ

ᠦᠢᠯᠡᠴᠢᠯᠡᠭᠡᠨ ᠤ ᠲᠤᠰᠬᠠᠶ ᠲᠤᠰᠢᠶᠠᠯᠲᠠᠨ︾ ᠤ ᠲᠦᠷᠢᠮ ᠢ ᠪᠠᠶᠢᠭᠤᠯᠵᠤ᠂ ᠢᠷᠡᠭᠡᠳᠦᠶ ᠳᠤ ︽ᠦᠪᠦᠷ ᠮᠣᠩᠭᠤᠯ

ᠦᠰᠦᠭᠲᠦ ᠲᠡᠮᠳᠡᠭ︾ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠭᠠᠵᠠᠷ ᠵᠦᠶ ᠶᠢᠨ ᠲᠡᠮᠳᠡᠭᠲᠦ

ᠦᠢᠯᠡᠳᠬᠦᠨ ᠢ ᠨᠡᠭᠡᠭᠡᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠳᠤ ᠪᠥᠬᠦ

ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠩᠭᠠᠨ᠎ᠠ ᠭᠡᠵᠡᠶ᠃

          ᠰᠤᠷᠪᠤᠯᠵᠢᠯᠠᠭᠴᠢ᠄ ᠯᠢᠶᠠᠩ ᠵᠢᠶᠠ ᠰᠢᠤᠸᠠᠨ

          ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号