| ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 18 ᠲᠦᠮᠡᠨ ᠮᠥ ᠲᠥᠮᠥᠰᠥ ᠳᠠᠷᠢᠬᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠲᠠᠷᠢᠮᠠᠯ ᠤᠨ ᠡᠷᠦᠬᠡ ᠠᠭᠠᠷ ᠤᠨ ᠳᠤᠯᠠᠭᠠᠨ ᠳᠡᠭᠡᠭᠰᠢᠯᠡᠬᠦ᠂ | ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠲᠣᠬᠢᠷᠠᠮᠵᠢᠲᠠᠶ ᠪᠠᠶᠢᠬᠤ ᠠᠰᠢᠭᠲᠠᠶ ᠲᠣᠬᠢᠶᠠᠯ ᠢ ᠵᠠᠪᠳᠤᠨ ᠠᠳᠬᠤᠵᠤ᠂ | ᠬᠠᠷ᠎ᠠ ᠬᠥᠷᠥᠰᠥᠨ ᠳᠤ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢᠶᠠᠨ ᠰᠠᠴᠤᠪᠠ᠃ ᠲᠠᠷᠢᠮᠠᠯ ᠤᠨ ᠡᠷᠦᠬᠡ ᠶᠢᠨ | ᠴᠢᠭᠢᠭ ᠤᠨ ᠪᠠᠶᠢᠳᠠᠯ ᠢ ᠵᠠᠪᠳᠤᠨ ᠠᠳᠬᠤᠵᠤ᠂ ᠵᠢᠱᠢᠯᠲᠡ ᠪᠠᠷ ᠡᠨᠡ ᠵᠢᠯ ᠤᠨ ᠲᠥᠮᠥᠰᠥ ᠶᠢᠨ ᠶᠡᠷᠦᠩᠬᠡᠶ ᠤᠨᠠᠯᠲᠠ | 10 ᠳ᠋ᠦᠩᠰᠢᠭᠤᠷ ᠵᠢᠩ ᠳᠤ ᠬᠦᠷᠴᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ | ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | | | | | ᠣᠶᠢᠷ᠎ᠠ ᠶᠢᠨ ᠡᠳᠦᠷ ᠤᠳ ᠲᠤ᠂ ᠲᠡᠰᠭᠢ ᠪᠠᠯᠭᠠᠰᠤᠨ ᠤ ᠳ᠋ᠦᠩ ᠯᠢᠶᠠᠩ ᠲᠣᠰᠬᠤᠨ ᠤ ᠲᠠᠷᠢᠮᠠᠯ ᠤᠨ ᠡᠷᠦᠬᠡ | ᠶᠠᠭ ᠡᠮᠬᠢ ᠵᠠᠮᠪᠠᠷᠠᠭ᠎ᠠ ᠲᠠᠢ ᠪᠠᠷ ᠲᠥᠮᠥᠰᠥ ᠲᠠᠷᠢᠬᠤ ᠠᠵᠢᠯ ᠢ ᠥᠷᠨᠢᠭᠦᠯᠵᠦ ᠪᠠᠶᠢᠨ᠎ᠠ᠂ ᠠᠵᠢᠯᠴᠢᠳ ᠲᠥᠮᠥᠰᠥ | ᠬᠤᠯᠢᠬᠤ ᠮᠠᠰᠢᠨ ᠤ ᠴᠤᠪᠤᠷᠠᠯ ᠤᠨ ᠬᠠᠵᠠᠭᠤ ᠳᠤ ᠲᠣᠭᠤᠷᠢᠨ ᠰᠠᠭᠤᠵᠤ᠂ ᠡᠨᠡ ᠵᠢᠯ ᠤᠨ ᠲᠠᠷᠢᠬᠤ ᠭᠡᠵᠦ | ᠪᠠᠶᠢᠭ᠎ᠠ ᠲᠠᠢ ᠾᠧ ᠶᠢᠰᠦᠳᠦᠭᠡᠷ ᠪᠠ ᠮᠠᠢ ᠺᠧᠨ ᠨᠢᠭᠡᠳᠦᠭᠡᠷ ᠨᠣᠮᠧᠷ ᠢ ᠬᠡᠷᠴᠢᠵᠦ᠂ ᠲᠠᠷᠠᠭᠠᠴᠢ ᠶᠢᠨ ᠲᠠᠷᠢᠶᠠᠯᠠᠬᠤ ᠳᠤ | ᠭᠦᠢᠴᠡᠳ ᠪᠡᠯᠡᠳᠬᠡᠯ ᠬᠢᠵᠦ᠂ ᠣᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠲᠣᠳᠣᠷᠬᠠᠶ᠂ ᠦᠷ᠎ᠡ ᠬᠡᠷᠴᠢᠵᠦ᠂ | ᠬᠤᠯᠢᠵᠤ ᠲᠠᠷᠢᠵᠤ᠂ ᠲᠡᠭᠡᠭᠡᠪᠦᠷᠢᠯᠡᠵᠦ᠂ ᠪᠠᠺᠲ᠋ᠧᠷᠢ ᠠᠯᠠᠬᠤ ᠡᠮ ᠤᠨ ᠨᠤᠨᠳᠠᠭ ᠵᠢᠭᠳᠡ ᠪᠣᠭᠤᠳᠠᠯᠯᠠᠵᠤ᠂ ᠲᠤᠬᠠᠶ ᠶᠢᠨ | ᠲᠠᠯᠠᠪᠠᠶ ᠳᠤ ᠶᠠᠭᠠᠷᠠᠯᠲᠠᠶ ᠪᠠᠶᠢᠳᠠᠯ ᠢᠯᠡᠷᠡᠪᠡ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠦ ᠹᠧᠩ ᠲᠠᠷᠢᠶᠠᠯᠠᠩ ᠤᠨ ᠮᠠᠰᠢᠨ ᠤ ᠲᠤᠰᠬᠠᠶ | ᠬᠤᠷᠰᠢᠶᠠᠵᠢᠯ ᠤᠨ ᠬᠠᠷᠢᠭᠤᠴᠠᠯᠭᠠᠲᠠᠨ ᠸᠠᠩ ᠱᠣ᠋ ᠫᠢᠩ ᠬᠡᠯᠡᠬᠦ ᠳᠡᠭᠡᠨ᠂ ᠠᠯᠢ ᠡᠷᠲᠡ ᠪᠤᠶ ᠪᠦᠬᠦᠢ ᠲᠠᠷᠢᠶᠠᠯᠠᠩ ᠤᠨ | ᠮᠠᠰᠢᠨ ᠪᠠᠭᠠᠵᠢ ᠶᠢ ᠪᠠᠶᠢᠴᠠᠭᠠᠨ ᠵᠠᠰᠠᠵᠤ᠂ ᠳᠠᠷᠢᠬᠤ ᠮᠠᠰᠢᠨ᠂ ᠲᠷᠠᠺᠲ᠋ᠣᠷ ᠵᠡᠷᠭᠡ ᠴᠥᠮ ᠬᠡᠪ ᠤᠨ ᠶᠣᠰᠣᠭᠠᠷ | ᠠᠵᠢᠯᠯᠠᠵᠤ ᠴᠢᠳᠠᠬᠤ ᠶᠢ ᠪᠠᠳᠣᠯᠠᠪᠠ᠃ ᠦᠷ᠎ᠡ ᠪᠠ ᠬᠢᠮᠢ ᠶᠢᠨ ᠪᠣᠷᠲᠣᠭᠤᠷ ᠴᠤ ᠡᠷᠲᠡ ᠬᠤᠳᠠᠯᠳᠤᠨ ᠠᠪᠴᠠᠶ᠃ ᠡᠨᠡ | ᠵᠢᠯ ᠱᠠᠨᠳᠦ᠋ᠩ ᠤᠨ ᠲᠠᠷᠢᠶᠠᠯᠠᠩ ᠤᠨ ᠲᠤᠮᠤ ᠪᠣᠷᠳᠣᠭᠤᠷ ᠤᠨ ᠦᠢᠯᠡᠰ ᠤᠨ ᠢᠯᠵᠠᠮᠠᠭ ᠤᠨ ᠬᠦᠴᠢᠯᠯᠢᠭ ᠪᠣᠷᠳᠣᠭᠤᠷ ᠢ | ᠠᠯᠢ ᠡᠷᠲᠡ ᠬᠤᠳᠠᠯᠳᠤᠨ ᠠᠪᠤᠭᠰᠠᠨ ᠪᠠᠶᠢᠨ᠎ᠠ ᠂ ᠰᠠᠶᠢᠨ ᠬᠤᠷᠢᠶᠠᠯᠲᠠ ᠤᠯᠬᠤ ᠶᠢ ᠬᠦᠰᠡᠵᠦ ᠪᠠᠶᠢᠨ᠎ᠠ ᠭᠡᠵᠡᠶ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠬᠤ᠋ ᠷᠦᠢ ᠹᠧᠩ ᠠᠴᠠ᠄ ︽ᠡᠨᠡ | ᠵᠢᠯ ᠪᠥᠬᠦ ᠬᠤᠰᠢᠭᠤᠨ ᠳᠤ 18 ᠲᠦᠮᠡᠨ ᠮᠥ ᠲᠥᠮᠥᠰᠥ ᠳᠠᠷᠢᠵᠤ᠂ ᠵᠢᠱᠢᠯᠲᠡ ᠪᠠᠷ ᠵᠢᠯ ᠤᠨ ᠭᠠᠷᠤᠯᠲᠠ ᠠᠷᠪᠠᠨ | ᠳ᠋ᠦᠩᠰᠢᠭᠤᠷ ᠵᠢᠩ ᠳᠤ ᠬᠦᠷᠬᠦ ᠪᠣᠯᠤᠨ᠎ᠠ᠃ ᠪᠢᠳᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠵᠤ᠂ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠤ ᠲᠦᠷᠦᠯ ᠳᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ︾ ᠭᠡᠪᠡ᠃ | ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠲᠤᠰ ᠪᠡᠶ᠎ᠡ ᠶᠢᠨ ᠭᠠᠵᠠᠷ | ᠰᠢᠷᠣᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠵᠤ ᠦᠢᠯᠡᠰ ᠤᠨ ᠪᠦᠲᠦᠴᠡ ᠪᠠᠨ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠲᠠᠷᠢᠶᠠᠯᠠᠩ ᠤᠨ ᠠᠵᠤ | ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ | ᠠᠷᠠᠳ ᠢ ᠪᠠᠶᠠᠵᠢᠭᠤᠯᠬᠤ ᠤᠨᠴᠠᠯᠢᠬᠳᠤ ᠠᠵᠤ ᠦᠢᠯᠡᠰ ᠢ ᠦᠷᠭᠦᠯᠵᠢᠯᠡᠨ ᠲᠦᠷᠭᠡᠨ ᠬᠥᠭᠵᠢᠭᠦᠯᠵᠦ᠂ ᠣᠳᠣᠬᠠᠨ ᠳᠤ | ᠨᠢᠭᠡᠨᠲᠡ ᠤᠯᠠᠭᠠᠨ ᠯᠤᠤᠪᠠᠩ᠂ ᠲᠥᠮᠥᠰᠥ᠂ ᠨᠡᠷᠡᠨ ᠬᠤᠸᠠᠷ ᠵᠡᠷᠭᠡ ᠤᠯᠠᠨ ᠵᠦᠢᠯ ᠤᠨ ᠲᠠᠷᠢᠮᠠᠯ ᠢᠶᠠᠷ ᠭᠤᠣᠯ | ᠪᠣᠯᠭᠠᠭᠰᠠᠨ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠵᠦ᠂ ᠬᠥᠳᠡᠭᠡ | ᠲᠣᠰᠬᠤᠨ ᠤ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠣᠯ ᠵᠢᠷᠭᠠᠯᠲᠤ ᠬᠠᠭᠤᠳᠠᠰᠤ ᠶᠢ | ᠵᠢᠷᠤᠭᠯᠠᠭᠰᠠᠨ ᠪᠠᠶᠢᠨ᠎ᠠ᠃ | | | ᠰᠤᠷᠪᠤᠯᠵᠢᠯᠠᠭᠴᠢ᠄ ᠵᠠᠩ ᠯᠢ ᠨᠠ ᠭᠤᠤ ᠸᠧᠢ | ᠣᠷᠴᠢᠭᠤᠯᠣᠨᠨᠴᠢ᠄ ᠭᠧ ᠲᠣᠸᠠᠨ ᠯᠢᠶᠡᠨ | |