| ᠣᠶᠢᠷ᠎ᠠ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 18 ᠲᠦᠮᠡᠨ ᠮᠥ ᠲᠥᠮᠥᠰᠥ ᠳᠠᠷᠢᠬᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠲᠠᠷᠢᠮᠠᠯ ᠤᠨ ᠡᠷᠦᠬᠡ ᠠᠭᠠᠷ ᠤᠨ ᠳᠤᠯᠠᠭᠠᠨ ᠳᠡᠭᠡᠭᠰᠢᠯᠡᠬᠦ᠂ ᠬᠥᠷᠥᠰᠥ | ᠰᠢᠷᠣᠶ ᠶᠢᠨ ᠴᠢᠭᠢᠭ ᠤᠨ ᠪᠠᠶᠢᠳᠠᠯ ᠲᠣᠬᠢᠷᠠᠮᠵᠢᠲᠠᠶ ᠪᠠᠶᠢᠬᠤ ᠠᠰᠢᠭᠲᠠᠶ ᠲᠣᠬᠢᠶᠠᠯ ᠢ ᠵᠠᠪᠳᠤᠨ ᠠᠳᠬᠤᠵᠤ᠂ ᠬᠠᠷ᠎ᠠ | ᠬᠥᠷᠥᠰᠥᠨ ᠳᠤ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢᠶᠠᠨ ᠰᠠᠴᠤᠪᠠ᠃ ᠲᠠᠷᠢᠮᠠᠯ ᠤᠨ ᠡᠷᠦᠬᠡ ᠶᠢᠨ ᠴᠢᠭᠢᠭ ᠤᠨ | ᠪᠠᠶᠢᠳᠠᠯ ᠢ ᠵᠠᠪᠳᠤᠨ ᠠᠳᠬᠤᠵᠤ᠂ ᠵᠢᠱᠢᠯᠲᠡ ᠪᠠᠷ ᠡᠨᠡ ᠵᠢᠯ ᠤᠨ ᠲᠥᠮᠥᠰᠥ ᠶᠢᠨ ᠶᠡᠷᠦᠩᠬᠡᠶ ᠤᠨᠠᠯᠲᠠ 10 ᠳ᠋ᠦᠩᠰᠢᠭᠤᠷ | ᠵᠢᠩ ᠳᠤ ᠬᠦᠷᠴᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | | | | | ᠣᠶᠢᠷ᠎ᠠ ᠶᠢᠨ ᠡᠳᠦᠷ ᠤᠳ ᠲᠤ᠂ ᠲᠡᠰᠭᠢ ᠪᠠᠯᠭᠠᠰᠤᠨ ᠤ ᠳ᠋ᠦᠩ ᠯᠢᠶᠠᠩ ᠲᠣᠰᠬᠤᠨ ᠤ ᠲᠠᠷᠢᠮᠠᠯ ᠤᠨ ᠡᠷᠦᠬᠡ ᠶᠠᠭ | ᠡᠮᠬᠢ ᠵᠠᠮᠪᠠᠷᠠᠭ᠎ᠠ ᠲᠠᠢ ᠪᠠᠷ ᠲᠥᠮᠥᠰᠥ ᠲᠠᠷᠢᠬᠤ ᠠᠵᠢᠯ ᠢ ᠥᠷᠨᠢᠭᠦᠯᠵᠦ ᠪᠠᠶᠢᠨ᠎ᠠ᠂ ᠠᠵᠢᠯᠴᠢᠳ ᠲᠥᠮᠥᠰᠥ ᠬᠤᠯᠢᠬᠤ | ᠮᠠᠰᠢᠨ ᠤ ᠴᠤᠪᠤᠷᠠᠯ ᠤᠨ ᠬᠠᠵᠠᠭᠤ ᠳᠤ ᠲᠣᠭᠤᠷᠢᠨ ᠰᠠᠭᠤᠵᠤ᠂ ᠡᠨᠡ ᠵᠢᠯ ᠤᠨ ᠲᠠᠷᠢᠬᠤ ᠭᠡᠵᠦ ᠪᠠᠶᠢᠭ᠎ᠠ ᠲᠠᠢ ᠾᠧ | ᠶᠢᠰᠦᠳᠦᠭᠡᠷ ᠪᠠ ᠮᠠᠢ ᠺᠧᠨ ᠨᠢᠭᠡᠳᠦᠭᠡᠷ ᠨᠣᠮᠧᠷ ᠢ ᠬᠡᠷᠴᠢᠵᠦ᠂ ᠲᠠᠷᠠᠭᠠᠴᠢ ᠶᠢᠨ ᠲᠠᠷᠢᠶᠠᠯᠠᠬᠤ ᠳᠤ ᠭᠦᠢᠴᠡᠳ ᠪᠡᠯᠡᠳᠬᠡᠯ | ᠬᠢᠵᠦ᠂ ᠣᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠲᠣᠳᠣᠷᠬᠠᠶ᠂ ᠦᠷ᠎ᠡ ᠬᠡᠷᠴᠢᠵᠦ᠂ ᠬᠤᠯᠢᠵᠤ ᠲᠠᠷᠢᠵᠤ᠂ | ᠲᠡᠭᠡᠭᠡᠪᠦᠷᠢᠯᠡᠵᠦ᠂ ᠪᠠᠺᠲ᠋ᠧᠷᠢ ᠠᠯᠠᠬᠤ ᠡᠮ ᠤᠨ ᠨᠤᠨᠳᠠᠭ ᠵᠢᠭᠳᠡ ᠪᠣᠭᠤᠳᠠᠯᠯᠠᠵᠤ᠂ ᠲᠤᠬᠠᠶ ᠶᠢᠨ ᠲᠠᠯᠠᠪᠠᠶ ᠳᠤ ᠶᠠᠭᠠᠷᠠᠯᠲᠠᠶ | ᠪᠠᠶᠢᠳᠠᠯ ᠢᠯᠡᠷᠡᠪᠡ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠦ ᠹᠧᠩ ᠲᠠᠷᠢᠶᠠᠯᠠᠩ ᠤᠨ ᠮᠠᠰᠢᠨ ᠤ ᠲᠤᠰᠬᠠᠶ | ᠬᠤᠷᠰᠢᠶᠠᠵᠢᠯ ᠤᠨ ᠬᠠᠷᠢᠭᠤᠴᠠᠯᠭᠠᠲᠠᠨ ᠸᠠᠩ ᠱᠣ᠋ ᠫᠢᠩ ᠬᠡᠯᠡᠬᠦ ᠳᠡᠭᠡᠨ᠂ ᠠᠯᠢ ᠡᠷᠲᠡ ᠪᠤᠶ ᠪᠦᠬᠦᠢ ᠲᠠᠷᠢᠶᠠᠯᠠᠩ ᠤᠨ ᠮᠠᠰᠢᠨ | ᠪᠠᠭᠠᠵᠢ ᠶᠢ ᠪᠠᠶᠢᠴᠠᠭᠠᠨ ᠵᠠᠰᠠᠵᠤ᠂ ᠳᠠᠷᠢᠬᠤ ᠮᠠᠰᠢᠨ᠂ ᠲᠷᠠᠺᠲ᠋ᠣᠷ ᠵᠡᠷᠭᠡ ᠴᠥᠮ ᠬᠡᠪ ᠤᠨ ᠶᠣᠰᠣᠭᠠᠷ ᠠᠵᠢᠯᠯᠠᠵᠤ | ᠴᠢᠳᠠᠬᠤ ᠶᠢ ᠪᠠᠳᠣᠯᠠᠪᠠ᠃ ᠦᠷ᠎ᠡ ᠪᠠ ᠬᠢᠮᠢ ᠶᠢᠨ ᠪᠣᠷᠲᠣᠭᠤᠷ ᠴᠤ ᠡᠷᠲᠡ ᠬᠤᠳᠠᠯᠳᠤᠨ ᠠᠪᠴᠠᠶ᠃ ᠡᠨᠡ ᠵᠢᠯ | ᠱᠠᠨᠳᠦ᠋ᠩ ᠤᠨ ᠲᠠᠷᠢᠶᠠᠯᠠᠩ ᠤᠨ ᠲᠤᠮᠤ ᠪᠣᠷᠳᠣᠭᠤᠷ ᠤᠨ ᠦᠢᠯᠡᠰ ᠤᠨ ᠢᠯᠵᠠᠮᠠᠭ ᠤᠨ ᠬᠦᠴᠢᠯᠯᠢᠭ ᠪᠣᠷᠳᠣᠭᠤᠷ ᠢ ᠠᠯᠢ | ᠡᠷᠲᠡ ᠬᠤᠳᠠᠯᠳᠤᠨ ᠠᠪᠤᠭᠰᠠᠨ ᠪᠠᠶᠢᠨ᠎ᠠ᠂ ᠰᠠᠶᠢᠨ ᠬᠤᠷᠢᠶᠠᠯᠲᠠ ᠤᠯᠬᠤ ᠶᠢ ᠬᠦᠰᠡᠵᠦ ᠪᠠᠶᠢᠨ᠎ᠠ ᠭᠡᠵᠡᠶ᠃ | | | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠬᠤ᠋ ᠷᠦᠢ ᠹᠧᠩ ᠠᠴᠠ᠄ ︽ᠡᠨᠡ ᠵᠢᠯ ᠪᠥᠬᠦ | ᠬᠤᠰᠢᠭᠤᠨ ᠳᠤ 18 ᠲᠦᠮᠡᠨ ᠮᠥ ᠲᠥᠮᠥᠰᠥ ᠳᠠᠷᠢᠵᠤ᠂ ᠵᠢᠱᠢᠯᠲᠡ ᠪᠠᠷ ᠵᠢᠯ ᠤᠨ ᠭᠠᠷᠤᠯᠲᠠ ᠠᠷᠪᠠᠨ ᠳ᠋ᠦᠩᠰᠢᠭᠤᠷ | ᠵᠢᠩ ᠳᠤ ᠬᠦᠷᠬᠦ ᠪᠣᠯᠤᠨ᠎ᠠ᠃ ᠪᠢᠳᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠵᠤ᠂ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ | ᠳᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ︾ ᠭᠡᠪᠡ᠃ | ᠤᠢᠢᠷ᠎ᠠ ᠶᠢᠨ ᠵᠢᠯ ᠠᠴᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠲᠤᠰ ᠪᠡᠶ᠎ᠡ ᠶᠢᠨ ᠭᠠᠵᠠᠷ ᠰᠢᠷᠣᠢ ᠶᠢᠨ | ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠵᠤ ᠦᠢᠯᠡᠰ ᠤᠨ ᠪᠦᠲᠦᠴᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠵᠦ᠂ | ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠠᠷᠠᠳ ᠢ ᠪᠠᠶᠠᠵᠢᠭᠤᠯᠬᠤ | ᠤᠨᠴᠠᠯᠢᠬᠳᠤ ᠠᠵᠤ ᠦᠢᠯᠡᠰ ᠢ ᠦᠷᠭᠦᠯᠵᠢᠯᠡᠨ ᠲᠦᠷᠭᠡᠨ ᠬᠥᠭᠵᠢᠭᠦᠯᠵᠦ᠂ ᠣᠳᠣᠬᠠᠨ ᠳᠤ ᠨᠢᠭᠡᠨᠲᠡ ᠤᠯᠠᠭᠠᠨ ᠯᠤᠤᠪᠠᠩ᠂ | ᠲᠥᠮᠥᠰᠥ᠂ ᠨᠡᠷᠡᠨ ᠬᠤᠸᠠᠷ ᠵᠡᠷᠭᠡ ᠤᠯᠠᠨ ᠵᠦᠢᠯ ᠤᠨ ᠲᠠᠷᠢᠮᠠᠯ ᠢᠶᠠᠷ ᠭᠤᠣᠯ ᠪᠣᠯᠭᠠᠭᠰᠠᠨ ᠤᠨᠴᠠᠯᠢᠬᠳᠤ ᠲᠠᠷᠢᠶᠠᠯᠠᠩ ᠤᠨ | ᠠᠵᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠵᠦ᠂ ᠬᠥᠳᠡᠭᠡ ᠲᠣᠰᠬᠤᠨ ᠤ ᠬᠥᠭᠵᠢᠯᠲᠡ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠵᠣᠯ ᠵᠢᠷᠭᠠᠯᠲᠤ ᠬᠠᠭᠤᠳᠠᠰᠤ ᠶᠢ ᠵᠢᠷᠤᠭᠯᠠᠭᠰᠠᠨ ᠪᠠᠶᠢᠨ᠎ᠠ᠃ | | | | ᠰᠤᠷᠪᠤᠯᠵᠢᠯᠠᠭᠴᠢ᠄ ᠵᠠᠩ ᠯᠢ ᠨᠠ ᠭᠤᠤ ᠸᠧᠢ | ᠣᠷᠴᠢᠭᠤᠯᠣᠨᠨᠴᠢ᠄ ᠭᠧ ᠲᠣᠸᠠᠨ ᠯᠢᠶᠡᠨ | | | | |