4 ᠰᠠᠷ᠎ᠠ ᠶᠢᠨ 27 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ | ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠶᠢᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠦᠨᠳᠦᠰᠦᠲᠡᠨ | ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠲᠡᠭᠦᠪᠦᠷᠢ ᠶᠢ ᠤᠯᠠᠮᠵᠢᠯᠠᠨ ᠰᠤᠷᠤᠯᠴᠠᠵᠤ᠂ | ᠲᠤᠰᠬᠠᠶ ᠰᠡᠳᠦᠪᠲᠦ ᠲᠠᠶᠢᠯᠤᠮᠵᠢ ᠶᠢ ᠰᠣᠨᠣᠰᠪᠠ᠃ | | | | | ᠲᠣᠰ ᠤᠳᠠᠭᠠᠨ ᠤ ᠰᠤᠷᠤᠯᠴᠠᠯᠭ᠎ᠠ ᠨᠢ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ | ᠰᠤᠷᠭᠠᠭᠤᠯᠢ ᠶᠢᠨ ᠵᠢᠭᠠᠨ ᠰᠤᠳᠤᠯᠬᠤ ᠲᠠᠰᠤᠭ ᠤᠨ ᠮᠠ ᠨᠢᠩ ᠫᠷᠤᠹᠧᠰᠰᠤᠷ ᠢ ᠤᠷᠢᠵᠤ ︽ᠶᠡᠷᠦᠩᠬᠡᠶ ᠱᠦᠵᠢ | ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠨᠠᠷᠢᠨ ᠣᠶᠢᠯᠠᠭᠠᠬᠤ︾ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠮᠠ ᠨᠢᠩ ᠫᠷᠤᠹᠧᠰᠰᠤᠷ ᠨᠠᠮ ᠤᠨ | ᠲᠥᠪ ᠬᠤᠷᠢᠶ᠎ᠠ ᠠᠴᠠ ᠱᠠᠰᠢᠨ ᠰᠤᠷᠲᠠᠬᠤᠨ ᠤ ᠠᠵᠢᠯ ᠤᠨ ᠲᠤᠬᠠᠢ ᠳᠤᠷᠠᠳᠤᠭᠰᠠᠨ ᠰᠢᠨ᠎ᠡ ᠣᠶᠢᠯᠠᠭᠠᠭᠳᠠᠬᠤᠨ᠂ | ᠰᠢᠨ᠎ᠡ ᠠᠷᠭ᠎ᠠ ᠬᠡᠮᠵᠢᠶ᠎ᠡ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠱᠠᠰᠢᠨ ᠰᠤᠷᠲᠠᠬᠤᠨ ᠤ | ᠠᠵᠢᠯ ᠢ ᠬᠡᠷᠬᠢᠨ ᠰᠠᠶᠢᠲᠤᠷ ᠠᠳᠬᠤᠬᠤ ᠲᠤᠬᠠᠢ ᠤᠯᠤᠰ ᠲᠦᠷᠦ ᠶᠢᠨ ᠦᠨᠳᠦᠷᠴᠡ ᠲᠠᠢ ᠪᠥᠭᠡᠳ ᠤᠨᠤᠯ ᠤᠨ | ᠭᠦᠨᠴᠡ ᠲᠠᠢ ᠪᠥᠭᠡᠳ ᠦᠢᠯᠡᠳᠦᠯᠭᠡ ᠶᠢᠨ ᠡᠷᠴᠢᠮ ᠲᠠᠢ ᠬᠠᠪᠰᠤᠷᠤᠨ ᠵᠢᠯᠤᠭᠤᠳᠤᠯᠭ᠎ᠠ ᠬᠢᠵᠦ᠂ ᠬᠤᠶᠢᠰᠢᠳᠠ ᠶᠢᠨ | ᠱᠠᠰᠢᠨ ᠰᠤᠷᠲᠠᠬᠤᠨ ᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠳᠤ ᠮᠠᠰᠢ ᠴᠢᠩᠭ᠎ᠠ ᠬᠠᠨᠳᠤᠯᠭᠠᠲᠤ ᠴᠢᠨᠠᠷ᠂ | ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠰᠢᠨ᠎ᠡ ᠨᠡᠶᠢᠭᠡᠮ ᠤᠨ ᠳᠠᠪᠬᠤᠷᠭ᠎ᠠ᠂ ᠨᠠᠮ ᠤᠨ ᠭᠠᠳᠠᠨᠠᠬᠢ | ᠲᠥᠯᠥᠭᠡᠯᠡᠭᠴᠢ ᠬᠥᠮᠦᠰ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠲᠤᠰ ᠲᠤᠰ ᠤᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠡᠳᠡᠨ ᠢ ᠬᠦᠳᠦᠯᠦᠨ ᠵᠢᠯᠣᠭᠤᠳᠴᠤ ᠪᠠᠶᠢᠭᠠᠳ ᠠᠵᠤ ᠠᠬᠤᠢ ᠶᠢᠨ | ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠳᠠᠶᠢᠯᠠᠯᠳᠤᠭᠠᠨ ᠤ | ᠲᠠᠯᠠᠪᠤᠷ ᠲᠤ ᠢᠳᠡᠪᠬᠢᠲᠡᠢ ᠣᠷᠣᠯᠴᠠᠭᠤᠯᠬᠤ ᠬᠡᠷᠡᠭᠲᠡᠢ︔ ︽ᠵᠠᠰᠠᠯᠲᠠ ᠶᠢᠨ ᠦᠷ᠎ᠡ ᠪᠦᠲᠦᠮᠵᠢ︾ ᠳᠤ | ᠠᠩᠬᠠᠷᠤᠯ ᠢᠶᠠᠨ ᠲᠥᠪᠯᠡᠷᠡᠭᠦᠯᠦᠨ ᠦᠨᠳᠦᠰᠦᠲᠡᠨ ᠱᠠᠰᠢᠨ ᠰᠤᠷᠲᠠᠬᠤᠨ ᠤ ᠬᠠᠤᠯᠢᠵᠢᠯ ᠤᠨ ᠲᠦᠪᠰᠢᠨ ᠢ | ᠳᠡᠭᠡᠭᠰᠢᠯᠡᠭᠦᠯᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ | ᠬᠠᠤᠯᠢ ᠶᠣᠰᠣᠭᠠᠷ ᠪᠦᠬᠦ ᠲᠠᠯ᠎ᠠ ᠪᠠᠷ ᠰᠤᠷᠭᠠᠨ ᠬᠥᠮᠦᠵᠢᠯ ᠢ ᠴᠢᠩᠭ᠎ᠠ ᠵᠠᠰᠠᠬᠤ ᠶᠢ ᠠᠬᠢᠭᠤᠯᠬᠤ ᠬᠡᠷᠡᠭᠲᠡᠢ︔ | ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠨ | ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠨ᠎ᠡ ᠴᠠᠭ | ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠲᠥᠪ ᠤᠨ ᠨᠠᠢᠮᠠᠨ ᠲᠣᠭᠲᠠᠭᠠᠯ ᠤᠨ ᠰᠤᠷᠤᠯᠴᠠᠯᠭ᠎ᠠ ᠬᠥᠮᠦᠵᠢᠯ ᠳᠤ ᠲᠤᠬᠢᠷᠠᠭᠤᠯᠤᠯᠳᠠ | ᠬᠢᠪᠡ᠃ | | | ᠰᠤᠷᠪᠤᠯᠵᠢᠯᠠᠭᠴᠢ᠄ ᠵᠠᠩ ᠰᠢᠶᠤᠤ ᠳ᠋ᠦᠩ ᠸᠠᠩ ᡁᠢ ᠹᠠᠩ | ᠣᠷᠴᠢᠭᠤᠯᠣᠨᠨᠴᠢ᠄ ᠭᠧ ᠲᠣᠸᠠᠨ ᠯᠢᠶᠡᠨ | |