4 ᠰᠠᠷ᠎ᠠ ᠶᠢᠨ 27 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠰᠧᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠣᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ | ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ | ᠲᠤᠬᠠᠶ ᠴᠢᠬᠤᠯᠠ ᠥᠭᠦᠯᠡᠯᠲᠡ ᠶᠢᠨ ᠲᠡᠭᠦᠪᠦᠷᠢ ᠶᠢ ᠤᠯᠠᠮᠵᠢᠯᠠᠨ ᠰᠤᠷᠤᠯᠴᠠᠵᠤ᠂ ᠲᠤᠰᠬᠠᠶ ᠰᠡᠳᠦᠪᠲᠦ ᠲᠠᠶᠢᠯᠤᠮᠵᠢ ᠶᠢ | ᠰᠣᠨᠣᠰᠪᠠ᠃ | | | | | ᠲᠣᠰ ᠤᠳᠠᠭᠠᠨ ᠤ ᠰᠤᠷᠤᠯᠴᠠᠯᠭ᠎ᠠ ᠨᠢ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ | ᠵᠢᠭᠠᠨ ᠰᠤᠳᠤᠯᠬᠤ ᠲᠠᠰᠤᠭ ᠤᠨ ᠮᠠ ᠨᠢᠩ ᠫᠷᠤᠹᠧᠰᠰᠤᠷ ᠢ ᠤᠷᠢᠵᠤ ︽ᠶᠡᠷᠦᠩᠬᠡᠶ ᠱᠦᠵᠢ ᠰᠢ ᠶᠢᠨ ᠫᠢᠩ ᠤᠨ ᠱᠠᠰᠢᠨ | ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠬᠤ︾ ᠲᠤᠬᠠᠶ | ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠮᠠ ᠨᠢᠩ ᠫᠷᠤᠹᠧᠰᠰᠤᠷ ᠨᠠᠮ ᠤᠨ ᠲᠥᠪ ᠬᠤᠷᠢᠶ᠎ᠠ ᠠᠴᠠ ᠱᠠᠰᠢᠨ | ᠰᠤᠷᠲᠠᠬᠤᠨ ᠤ ᠠᠵᠢᠯ ᠤᠨ ᠲᠤᠬᠠᠢ ᠳᠤᠷᠠᠳᠤᠭᠰᠠᠨ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠬᠡᠮᠵᠢᠶ᠎ᠡ ᠶᠢ ᠬᠡᠷᠬᠢᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠱᠠᠰᠢᠨ ᠰᠤᠷᠲᠠᠬᠤᠨ ᠤ ᠠᠵᠢᠯ ᠢ ᠬᠡᠷᠬᠢᠨ ᠰᠠᠶᠢᠲᠤᠷ ᠠᠳᠬᠤᠬᠤ ᠲᠤᠬᠠᠢ | ᠤᠯᠤᠰ ᠲᠦᠷᠦ ᠶᠢᠨ ᠦᠨᠳᠦᠷᠴᠡ ᠲᠠᠢ ᠪᠥᠭᠡᠳ ᠤᠨᠤᠯ ᠤᠨ ᠭᠦᠨᠴᠡ ᠲᠠᠢ ᠪᠥᠭᠡᠳ ᠦᠢᠯᠡᠳᠦᠯᠭᠡ ᠶᠢᠨ ᠡᠷᠴᠢᠮ ᠲᠠᠢ | ᠬᠠᠪᠰᠤᠷᠤᠨ ᠵᠢᠯᠤᠭᠤᠳᠤᠯᠭ᠎ᠠ ᠬᠢᠵᠦ᠂ ᠬᠤᠶᠢᠰᠢᠳᠠ ᠶᠢᠨ ᠱᠠᠰᠢᠨ ᠰᠤᠷᠲᠠᠬᠤᠨ ᠤ ᠠᠵᠢᠯ ᠢ ᠤᠯᠠᠮ ᠴᠢᠨᠠᠭᠰᠢᠳᠠ ᠰᠠᠶᠢᠲᠤᠷ | ᠬᠢᠬᠦ ᠳᠤ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ | ᠪᠣᠯᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ᠂ ᠰᠢᠨ᠎ᠡ ᠨᠡᠶᠢᠭᠡᠮ ᠤᠨ ᠳᠠᠪᠬᠤᠷᠭ᠎ᠠ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ᠂ ᠤᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠲᠤᠰ ᠲᠤᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠡᠳᠡᠨ ᠢ | ᠬᠦᠳᠦᠯᠦᠨ ᠵᠢᠯᠣᠭᠤᠳᠴᠤ ᠪᠠᠶᠢᠭᠠᠳ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯ ᠳᠠᠶᠢᠯᠠᠯᠳᠤᠭᠠᠨ ᠤ ᠲᠠᠯᠠᠪᠤᠷ ᠲᠤ ᠢᠳᠡᠪᠬᠢᠲᠡᠢ ᠣᠷᠣᠯᠴᠠᠭᠤᠯᠬᠤ ᠬᠡᠷᠡᠭᠲᠡᠢ︔ ︽ | ᠵᠠᠰᠠᠯᠲᠠ ᠶᠢᠨ ᠦᠷ᠎ᠡ ᠪᠦᠲᠦᠮᠵᠢ︾ ᠳᠤ ᠠᠩᠬᠠᠷᠤᠯ ᠢᠶᠠᠨ ᠲᠥᠪᠯᠡᠷᠡᠭᠦᠯᠦᠨ ᠦᠨᠳᠦᠰᠦᠲᠡᠨ ᠱᠠᠰᠢᠨ ᠰᠤᠷᠲᠠᠬᠤᠨ ᠤ | ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠦᠷᠭᠦᠯᠵᠢᠯᠡᠨ | ᠲᠡᠭᠦᠯᠳᠡᠷᠵᠢᠭᠦᠯᠵᠦ᠂ ᠬᠠᠤᠯᠢ ᠶᠣᠰᠣᠭᠠᠷ ᠪᠦᠬᠦ ᠲᠠᠯ᠎ᠠ ᠪᠠᠷ ᠰᠤᠷᠭᠠᠨ ᠬᠥᠮᠦᠵᠢᠯ ᠢ ᠴᠢᠩᠭ᠎ᠠ ᠵᠠᠰᠠᠬᠤ ᠶᠢ ᠠᠬᠢᠭᠤᠯᠬᠤ | ᠬᠡᠷᠡᠭᠲᠡᠢ︔ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠷᠭᠦᠯᠵᠢᠯᠡᠨ | ᠴᠢᠩᠭᠠᠳᠬᠠᠨ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠨ᠎ᠡ | ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠲᠥᠪ ᠤᠨ ᠨᠠᠢᠮᠠᠨ ᠲᠣᠭᠲᠠᠭᠠᠯ ᠤᠨ ᠰᠤᠷᠤᠯᠴᠠᠯᠭ᠎ᠠ ᠬᠥᠮᠦᠵᠢᠯ ᠳᠤ ᠲᠤᠬᠢᠷᠠᠭᠤᠯᠤᠯᠳᠠ ᠬᠢᠪᠡ᠃ | | | ᠰᠤᠷᠪᠤᠯᠵᠢᠯᠠᠭᠴᠢ᠄ ᠵᠠᠩ ᠰᠢᠶᠤᠤ ᠳ᠋ᠦᠩ ᠸᠠᠩ ᡁᠢ ᠹᠠᠩ | ᠣᠷᠴᠢᠭᠤᠯᠣᠨᠨᠴᠢ᠄ ᠭᠧ ᠲᠣᠸᠠᠨ ᠯᠢᠶᠡᠨ | |