【ᠦᠰᠦᠭ ᠪᠢᠴᠢᠭ ᠢᠶᠠᠷ ᠦᠬᠦᠯᠡᠬᠦᠢ】︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠤᠨ ᠲᠤᠬᠠᠶ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/4/3
     ᠨᠢᠭᠡ᠂ ᠶᠠᠭᠤ ᠶᠢ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠭᠡᠳᠡᠭ ᠪᠣᠢ      ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠪᠣᠯ ᠮᠠᠨ ᠤ ᠤᠯᠤᠰ ᠤᠨ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠬᠦ ᠪᠠ ᠨᠡᠭᠡᠭᠡᠨ ᠬᠥᠭᠵᠢᠭᠦᠯᠬᠦ ᠬᠡᠯᠪᠡᠷᠢ ᠪᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠴᠢᠬᠤᠯᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠮᠥᠨ᠂ ᠬᠥᠳᠡᠭᠡ ᠲᠣᠰᠬᠤᠨ ᠤ ᠣᠯᠠᠨ ᠲᠦᠮᠡᠨ ᠢ ᠵᠣᠬᠢᠶᠠᠨ ᠪᠠᠶᠢᠭᠤᠯᠵᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠬᠤ ᠪᠠᠷ ᠳᠠᠮᠵᠢᠭᠤᠯᠤᠨ ᠬᠥᠳᠡᠯᠮᠦᠷᠢ ᠶᠢᠨ ᠬᠥᠯᠥᠰᠥ ᠣᠯᠭᠤᠮᠵᠢ ᠣᠯᠵᠤ᠂ ᠰᠢᠭᠤᠳ ᠲᠡᠳᠬᠦᠵᠦ ᠳᠡᠮᠵᠢᠬᠦ‍ ᠨᠢᠭᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠣᠯᠤᠨ᠎ᠠ᠂ ᠤᠭ ᠵᠣᠷᠢᠯᠭ᠎ᠠ ᠨᠢ ᠨᠠᠩ ᠣᠯᠠᠨ ᠶᠠᠳᠠᠭᠤ ᠬᠦᠴᠢᠷᠳᠡᠯᠲᠡᠶ ᠣᠯᠠᠨ ᠲᠦᠮᠡᠨ ᠪᠠ ᠣᠷᠣᠯᠭ᠎ᠠ ᠪᠠᠭᠠᠲᠠᠶ ᠬᠠᠮᠲᠤᠯᠢᠭ ᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠲᠣᠰ ᠪᠡᠶ᠎ᠡ ᠶᠢᠨ ᠬᠥᠳᠡᠯᠮᠦᠷᠢ ᠪᠠᠷ ᠳᠠᠮᠵᠢᠭᠤᠯᠤᠨ ᠬᠥᠳᠡᠯᠮᠦᠷᠢ ᠶᠢᠨ ᠬᠥᠯᠥᠰᠥ ᠣᠯᠭᠤᠮᠵᠢ ᠣᠯᠵᠤ᠂ ᠲᠡᠳᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠠᠪᠤᠳᠠᠯ ᠪᠣᠯᠤᠨ᠎ᠠ᠃      ᠬᠤᠶᠠᠷ᠂ ᠪᠦᠲᠦᠭᠡᠨ ᠪᠠᠶᠢᠭᠤᠯᠤᠯᠲᠠ ᠶᠢᠨ ᠬᠦᠷᠢᠶ᠎ᠡ      ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠤᠰᠬᠠᠶ ᠵᠦᠢᠯ ᠤᠨ ᠪᠡᠯᠡ ᠮᠥᠩᠭᠦ ᠪᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠪᠣᠯᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠭᠤᠯᠤᠭᠰᠠᠨ ᠪᠤᠰᠤᠳ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠳᠤ ᠭᠤᠤᠯᠳᠠᠭᠤ ᠬᠥᠳᠡᠭᠡ ᠲᠣᠰᠬᠤᠨ ᠤ ᠠᠮᠢᠳᠤᠷᠠᠯ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ᠂ ᠣᠶ ᠰᠢᠭᠤᠶ ᠨᠤᠲᠤᠭ ᠪᠡᠯᠴᠢᠭᠡᠷ ᠪᠣᠯᠤᠨ ᠬᠤᠲᠠ ᠬᠥᠳᠡᠭᠡ ᠶᠢᠨ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ‍ ᠴᠢᠭ ᠤᠨ ᠢᠵᠢ ᠪᠦᠷᠢᠳᠦᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠵᠡᠷᠭᠡ ᠶᠢ ᠪᠠᠭᠲᠠᠭᠠᠨ᠎ᠠ᠃ ᠠᠵᠤ ᠦᠢᠯᠡᠰ ᠤᠨ ᠬᠥᠭᠵᠢᠯᠲᠡ ᠶᠢᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠳᠤ ᠭᠤᠤᠯᠳᠠᠭᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ᠂ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠵᠡᠷᠭᠡ ᠰᠠᠭᠤᠷᠢ ᠪᠡᠯᠡᠳᠬᠡᠮᠵᠢ ᠪᠠ ᠬᠤᠲᠠ ᠬᠥᠳᠡᠭᠡ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠴᠡᠭ ᠤᠨ ᠵᠠᠯᠭᠠᠮᠵᠢ ᠠᠵᠤ ᠦᠢᠯᠡᠰ ᠤᠨ ᠰᠠᠭᠤᠷᠢ ᠪᠡᠯᠡᠳᠬᠡᠮᠵᠢ ᠵᠡᠷᠭᠡ ᠶᠢ ᠪᠠᠭᠲᠠᠭᠠᠨ᠎ᠠ᠃       ︵ᠨᠢᠭᠡ︶ ᠬᠦᠳᠡᠭᠡ ᠲᠤᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠪᠡᠯᠡᠳᠭᠡᠮᠵᠢ       — ᠬᠥᠳᠡᠭᠡ ᠲᠣᠰᠬᠤᠨ ᠤ ᠠᠮᠢᠳᠤᠷᠠᠯ ᠤᠨ ᠰᠠᠭᠤᠷᠢ ᠲᠥᠬᠦᠭᠡᠷᠦᠮᠵᠢ᠃ ᠡᠭᠦᠨ ᠳᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠢᠯᠠᠩᠭᠤᠶ᠎ᠠ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠲᠠᠷᠢᠶᠠᠴᠢᠨ ᠡᠷᠦᠬᠡ ᠶᠢᠨ ᠵᠣᠷᠯᠣᠩ ᠤᠨ ᠪᠠᠭᠠᠰᠤᠨ ᠪᠣᠬᠢᠷᠲᠤᠯ ᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠ ᠠᠵᠢᠯᠯᠠᠭᠠᠨ ᠢ ᠬᠠᠮᠠᠭᠠᠯᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠰᠣᠶᠣᠯ ᠪᠡᠶ᠎ᠡ ᠶᠢᠨ ᠲᠠᠮᠢᠷ ᠤᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠠᠶᠠᠭᠳᠠᠮᠠᠯ ᠠᠶᠢᠯ ᠲᠣᠰᠬᠤᠨ ᠪᠣᠯᠤᠨ ᠨᠤᠷᠠᠬᠤ ᠠᠶᠤᠯᠲᠠᠢ ᠭᠡᠷ ᠪᠠᠶᠢᠰᠢᠩ ᠢ ᠨᠤᠷᠠᠭᠠᠬᠤ᠂  ᠭᠠᠮᠰᠢᠭ ᠲᠤ ᠡᠪᠳᠡᠭᠳᠡᠭᠰᠡᠨ᠂ ᠤᠰᠤᠨ ᠭᠠᠮᠰᠢᠭ ᠲᠤ ᠡᠪᠳᠡᠭᠳᠡᠭᠰᠡᠨ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢ ᠰᠡᠷᠭᠦᠭᠡᠨ ᠲᠠᠬᠢᠨ ᠪᠠᠶᠢᠭᠤᠯᠬᠤ ᠵᠡᠷᠭᠡ ᠪᠠᠭᠲᠠᠨ᠎ᠠ᠃      — ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ᠃ ᠡᠭᠦᠨ ᠳᠤ ᠬᠥᠳᠡᠭᠡ ᠲᠣᠰᠬᠤᠨ ᠤ ᠵᠠᠰᠠᠮᠠᠯ ᠵᠠᠮ᠂ ᠵᠠᠰᠠᠭ ᠵᠠᠬᠢᠷᠭᠠᠨ ᠤ ᠲᠣᠰᠬᠤᠨ ᠤ ᠳᠣᠲᠣᠷᠠᠬᠢ ᠭᠤᠤᠯ ᠵᠠᠮ᠂ ᠠᠶᠢᠯ ᠲᠣᠰᠬᠤᠨ ᠳᠤᠭᠤᠶᠢᠯᠠᠩ ᠤᠨ ᠵᠠᠮ᠂ ᠭᠤᠳᠤᠮᠵᠢ ᠶᠢᠨ ᠵᠠᠮ᠂ ᠡᠷᠦᠬᠡ ᠳᠤ ᠣᠷᠣᠬᠤ ᠵᠠᠮ ᠵᠡᠷᠭᠡ ᠵᠠᠮ ᠤᠨ ᠰᠠᠭᠤᠷᠢ ᠶᠢ ᠡᠮᠬᠢᠯᠡᠬᠦ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ ᠵᠢᠴᠢ ᠴᠢᠬᠤᠯᠠ ᠪᠥᠬᠦᠶ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ᠂ ᠣᠶ ᠰᠢᠭᠤᠶ ᠶᠢᠨ ᠲᠠᠯᠠᠪᠠᠶ ᠶᠢᠨ ᠰᠢᠭᠤᠶᠢᠲᠤ ᠣᠷᠣᠨ ᠤ ᠳᠣᠲᠣᠷᠠᠬᠢ ᠵᠠᠰᠠᠮᠠᠯ ᠵᠠᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠲᠥᠬᠦᠮ ᠲᠡᠷᠭᠡ ᠬᠦᠯᠢᠶᠡᠬᠦ ᠲᠢᠩᠰᠡ᠂ ᠬᠥᠳᠡᠭᠡ ᠲᠣᠰᠬᠤᠨ ᠤ ᠣᠯᠣᠮ ᠥᠩᠭᠡᠷᠡᠬᠦ᠂ ᠲᠥᠬᠦᠮ ᠲᠡᠷᠭᠡᠨ ᠵᠣᠭᠰᠣᠭᠠᠯ ᠵᠡᠷᠭᠡ ᠵᠢᠵᠢᠭ ᠬᠡᠯᠪᠡᠷᠢ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠭᠲᠠᠨ᠎ᠠ᠃     — ᠬᠥᠳᠡᠭᠡ ᠲᠤᠰᠬᠤᠨ ᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ᠃ ᠡᠭᠦᠨ ᠳᠤ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ᠂ ᠴᠥᠭᠦᠷᠥᠮ᠂ ᠬᠠᠰᠢᠯᠭ᠎ᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ᠂ ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠠᠭᠤᠯᠠᠨ ᠦᠶᠡᠷ ᠤᠨ ᠰᠡᠷᠭᠡᠶᠢᠯᠡᠨ ᠵᠠᠰᠠᠯᠲᠠ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠵᠡᠷᠭᠡ ᠪᠠᠭᠲᠠᠨ᠎ᠠ᠃     — ᠣᠢ ᠰᠢᠭᠤᠢ ᠨᠤᠲᠤᠭ ᠪᠡᠯᠴᠢᠭᠡᠷ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ᠃ ᠤᠢ ᠰᠢᠭᠤᠶ ᠵᠡᠷᠭᠡ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ᠂ ᠤᠢ ᠰᠢᠭᠤᠶ ︵ᠨᠤᠲᠤᠭ ᠪᠡᠯᠴᠢᠭᠡᠷ᠂ ᠨᠤᠭᠤ ᠭᠠᠵᠠᠷ︶ ᠶᠢ ᠬᠠᠮᠠᠭᠠᠯᠠᠨ ᠰᠡᠷᠭᠦᠭᠡᠬᠦ᠂ ᠴᠦᠯᠯᠡᠷᠭᠡᠭᠵᠢᠯ ᠢ ᠵᠠᠰᠠᠬᠤ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ᠂ ᠰᠢᠭᠤᠶᠢᠲᠤ ᠣᠷᠣᠨ ᠤ ᠤᠢ ᠰᠢᠭᠤᠶ ᠶᠢᠨ ᠲᠠᠯᠠᠪᠠᠢ᠂ ᠤᠯᠤᠰ ᠤᠨ ᠴᠡᠴᠡᠷᠯᠢᠭ ︵ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠢ ᠰᠢᠭᠤᠶ ᠶᠢᠨ ᠴᠡᠴᠡᠷᠯᠢᠭ ᠵᠡᠷᠭᠡ︶ ᠵᠡᠷᠭᠡ ᠦᠢᠯᠡᠳᠪᠦᠷᠢᠯᠡᠯ ᠤᠨ ᠠᠵᠢᠯ ᠤᠨ ᠵᠠᠮ᠂ ᠬᠠᠳᠠᠭᠠᠯᠠᠬᠤ ᠪᠡᠯᠡᠳᠬᠡᠮᠵᠢ᠂ ᠤᠰᠤᠯᠠᠯᠲᠠ ᠶᠢᠨ ᠰᠠᠭᠤᠷᠢ ᠪᠡᠯᠡᠳᠬᠡᠮᠵᠢ ᠪᠣᠯᠤᠨ ᠬᠠᠮᠢᠶᠠᠷᠴᠤ ᠬᠠᠮᠠᠭᠠᠯᠠᠬᠤ ᠳᠤ ᠬᠡᠷᠡᠭᠯᠡᠬᠦ ᠭᠡᠷ ᠪᠠᠶᠢᠰᠢᠩ ᠵᠡᠷᠭᠡ ᠢᠵᠢ ᠪᠦᠷᠢᠳᠦᠭᠦᠯᠬᠦ ᠪᠠ ᠳᠠᠭᠠᠯᠲᠠ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠭᠠᠮᠰᠢᠭ ᠠᠴᠠ ᠪᠤᠯᠵᠤ ᠣᠶᠢᠵᠢᠭᠤᠯᠤᠯᠲᠠ ᠶᠢᠨ ᠳᠠᠭᠠᠯᠲᠠ ᠪᠠᠷᠢᠯᠭ᠎ᠠ ᠶᠢ ᠰᠡᠷᠭᠦᠭᠡᠬᠦ ᠵᠡᠷᠭᠡ ᠪᠠᠭᠲᠠᠨ᠎ᠠ᠃       — ᠣᠨᠳᠣᠣ ᠭᠠᠵᠠᠷ ᠨᠡᠭᠦᠯᠭᠡᠵᠦ ᠲᠥᠪᠬᠢᠨᠡᠭᠦᠯᠬᠦ ᠴᠡᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ᠃      ︵ᠬᠤᠶᠠᠷ︶ ᠬᠦᠳᠡᠭᠡ ᠳᠤᠰᠬᠤᠨ ᠤ ᠠᠵᠤ ᠦᠢᠯᠡᠰ ᠤᠨ ᠬᠦᠭᠵᠢᠯᠳᠡ ᠶᠢᠨ ᠳᠦᠬᠦᠷ ᠰᠠᠭᠤᠷᠢ ᠳᠦᠬᠦᠭᠡᠷᠤᠮᠵᠢ      — ᠮᠠᠯ ᠲᠠᠷᠢᠶᠠᠯᠠᠩ ᠤᠨ ᠠᠵᠤ ᠦᠢᠯᠡᠰ ᠤᠨ ᠰᠠᠭᠤᠷᠢ ᠲᠥᠬᠦᠭᠡᠷᠦᠮᠵᠢ᠃ ᠡᠭᠦᠨ ᠳᠤ ᠵᠢᠵᠢᠭ ᠬᠡᠯᠪᠡᠷᠢ ᠶᠢᠨ ᠢᠳᠡᠰᠢᠨ ᠨᠣᠭᠤᠭ᠎ᠠ ᠶᠢᠨ ᠬᠦᠯᠡᠮᠵᠢ᠂ ᠮᠠᠯ ᠵᠢᠭᠦᠷᠲᠡᠨ ᠤ ᠬᠠᠰᠢᠶ᠎ᠠ ᠰᠠᠷᠠᠪᠴᠢ ᠵᠢᠴᠢ ᠰᠠᠭᠤᠷᠢ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠠᠭᠤᠷᠢᠨ ᠭᠠᠵᠠᠷ ᠪᠤᠶᠤ ᠬᠦᠷᠢᠶᠡᠯᠡᠩ ᠲᠣᠭᠤᠷᠢᠭ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠤᠶᠤ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠵᠡᠷᠭᠡ ᠢᠵᠢ ᠪᠥᠷᠢᠳᠦᠭᠰᠡᠨ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠤᠰᠤᠨ ᠠᠰᠢᠭᠯᠠᠯᠲᠠ ᠶᠢᠨ ᠤᠰᠤᠯᠠᠯᠲᠠ ᠪᠠ ᠦᠢᠯᠡᠳᠪᠦᠷᠢᠯᠡᠯ ᠤᠨ ᠵᠠᠮ ᠵᠡᠷᠭᠡ ᠳᠠᠭᠠᠯᠲᠠ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠠᠭᠲᠠᠭᠠᠨ᠎ᠠ᠃     — ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ ᠲᠥᠬᠦᠭᠡᠷᠦᠮᠵᠢ᠃ ᠡᠭᠦᠨ ᠳᠤ ᠬᠥᠳᠡᠭᠡ ᠲᠣᠰᠬᠤᠨ ᠤ ᠠᠮᠠᠷᠠᠵᠤ ᠵᠢᠭᠤᠯᠴᠢᠯᠠᠬᠤ ᠦᠵᠡᠮᠵᠢ ᠶᠢᠨ ᠣᠷᠣᠨ ᠬᠢᠭᠡᠳ ᠰᠢᠶᠠᠩ᠂ ᠲᠣᠰᠬᠤᠨ ᠳᠤ ᠨᠡᠪᠲᠡᠷᠡᠬᠦ ᠭᠤᠤᠯ ᠵᠠᠮ ᠤᠨ ᠬᠤᠯᠪᠣᠯᠳᠤᠭᠰᠠᠨ ᠵᠠᠮ ᠤᠨ ᠪᠥᠲᠥᠭᠡᠨ ᠪᠠᠶᠢᠭᠤᠯᠤᠯᠲᠠ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠳᠣᠲᠣᠷᠠᠬᠢ ᠵᠢᠭᠤᠯᠴᠢᠯᠠᠯ ᠤᠨ ᠵᠠᠮ ᠵᠢᠴᠢ ᠶᠠᠪᠠᠭᠠᠨ ᠵᠠᠮ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠡᠯᠡᠳᠬᠡᠮᠵᠢ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ᠂ ᠨᠣᠭᠤᠭᠠᠷᠠᠭᠤᠯᠬᠤ ᠢᠨᠵᠧᠨᠧᠷᠢᠩ ᠵᠡᠷᠭᠡ ᠢᠵᠢ ᠪᠥᠷᠢᠳᠦᠭᠦᠯᠬᠦ ᠪᠠ ᠳᠠᠭᠠᠯᠲᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠪᠠᠭᠲᠠᠨ᠎ᠠ᠃     — ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠤᠨ ᠰᠠᠭᠤᠷᠢ ᠲᠥᠬᠦᠭᠡᠷᠦᠮᠵᠢ᠃ ᠬᠠᠳᠤᠯᠠᠩ ᠪᠡᠯᠴᠢᠭᠡᠷ᠂ ᠬᠥᠮᠦᠨ ᠤ ᠬᠦᠴᠦᠨ ᠤ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠠᠮᠢ ᠠᠬᠤᠶ ᠶᠢᠨ ᠵᠢᠭᠤᠯᠴᠢᠯᠠᠯ  ᠵᠡᠷᠭᠡ ᠮᠣᠳᠣᠯᠢᠭ ᠲᠣᠰᠣᠨ ᠮᠠᠲ᠋ᠧᠷᠢᠶᠠᠯ᠂ ᠨᠥᠭᠡᠴᠡᠯᠡᠬᠦ ᠣᠶ᠂ ᠣᠶ ᠶᠢᠨ ᠬᠤᠷᠮᠣᠶ ᠶᠢᠨ ᠠᠵᠤ ᠠᠬᠤᠶ᠂ ᠦᠷ᠎ᠡ ᠪᠠ ᠴᠡᠴᠡᠭ᠂ ᠬᠢᠲᠠᠳ ᠡᠪᠡᠰᠦᠨ ᠡᠮ᠂ ᠵᠢᠮᠢᠰ ᠲᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠳᠤ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠠᠵᠤ ᠦᠢᠯᠡᠰ ᠤᠨ ᠵᠠᠮ᠂ ᠬᠠᠳᠠᠭᠠᠯᠠᠬᠤ ᠪᠡᠯᠡᠳᠬᠡᠮᠵᠢ᠂ ᠤᠰᠤᠯᠠᠯᠲᠠ ᠶᠢᠨ ᠰᠠᠭᠤᠷᠢ ᠪᠡᠯᠡᠳᠬᠡᠮᠵᠢ ᠪᠠ ᠬᠠᠮᠢᠶᠠᠷᠴᠤ ᠬᠠᠮᠠᠭᠠᠯᠠᠬᠤ ᠳᠤ ᠬᠡᠷᠡᠭᠯᠡᠬᠦ ᠭᠡᠷ ᠪᠠᠶᠢᠰᠢᠩ ᠵᠡᠷᠭᠡ ᠢᠵᠢ ᠪᠦᠷᠢᠳᠦᠭᠦᠯᠬᠦ ᠪᠠ ᠳᠠᠭᠠᠯᠲᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃      ᠤᠯᠤᠰ ᠠᠴᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠤᠰᠬᠠᠢ ᠵᠦᠢᠯ ᠤᠨ ᠪᠡᠯᠡ ᠮᠥᠩᠭᠦ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠠᠪᠤᠴᠠ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠬᠥᠯᠥᠰᠥ ᠣᠯᠭᠤᠮᠵᠢ ᠣᠯᠭᠤᠬᠤ ᠳᠤ ᠭᠤᠣᠯᠳᠠᠯᠭ᠎ᠠ ᠲᠠᠢ ᠬᠡᠷᠡᠭᠯᠡᠬᠦ ᠬᠡᠷᠡᠭᠲᠡᠢ᠃ ᠳᠣᠣᠷ᠎ᠠ ᠵᠢᠭᠰᠠᠭᠠᠭᠰᠠᠨ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠄      ︵ᠨᠢᠭᠡ︶᠄ ᠪᠠᠶᠢᠭᠤᠯᠣᠯᠭ᠎ᠠ ᠶᠢᠨ ᠦᠨᠳᠦᠰᠦᠨ ᠵᠠᠷᠤᠯᠭ᠎ᠠ ︵ᠬᠤᠶᠠᠷ︶ ᠵᠠᠮ ᠬᠠᠷᠢᠯᠴᠠᠭᠠᠨ ᠤ ᠪᠠᠭᠠᠵᠢ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ︵ᠭᠤᠷᠪᠠ︶ ᠱᠠᠩᠨᠠᠯ ᠤᠨ ᠮᠥᠩᠭᠦ ᠶᠢᠨ ᠨᠡᠮᠡᠭᠦᠷᠢ ᠮᠥᠩᠭᠦ ᠪᠠ ᠠᠰᠠᠷᠠᠮᠵᠢ ᠶᠢᠨ ᠨᠥᠬᠦᠪᠥᠷᠢ ᠣᠯᠭᠤᠬᠤ ︵ᠳᠥᠷᠪᠡ︶ ᠥᠷᠢ ᠥᠭᠴᠡᠭᠡ ᠪᠠ ᠣᠷᠣᠯᠠᠨ ᠥᠭᠭᠦᠭᠰᠡᠨ ᠪᠡᠯᠡ ᠮᠥᠩᠭᠦ ᠶᠢ ᠲᠥᠯᠥᠬᠦ ︵ᠲᠠᠪᠤ︶ ᠲᠣᠮᠣ ᠳᠤᠮᠳᠠ ᠬᠡᠯᠪᠡᠷᠢ ᠶᠢᠨ ᠮᠠᠰᠢᠨ ᠲᠥᠬᠦᠭᠡᠷᠦᠮᠵᠢ ᠵᠡᠷᠭᠡ ᠡᠳ᠋ ᠬᠥᠷᠥᠩᠭᠡ ᠶᠢ ᠬᠤᠳᠠᠯᠳᠤᠨ ᠠᠪᠬᠤ ︵ᠵᠢᠷᠭᠤᠭ᠎ᠠ︶ ᠴᠡᠴᠡᠭ ᠡᠪᠡᠰᠦ ᠮᠣᠳᠣ᠂ ᠦᠷ᠎ᠡ ᠴᠢᠬᠢ᠂ ᠲᠥᠯ ᠮᠠᠯ᠂ ᠲᠡᠵᠢᠭᠡᠯ ᠪᠣᠷᠳᠤᠭ᠎ᠠ᠂ ᠬᠢᠮᠢ ᠶᠢᠨ ᠪᠣᠷᠳᠣᠭᠤᠷ ᠵᠡᠷᠭᠡ ᠦᠢᠯᠡᠳᠪᠦᠷᠢᠯᠡᠯ ᠤᠨ ᠴᠢᠨᠠᠷᠲᠠᠢ ᠡᠳ᠋ ᠪᠣᠳᠠᠰ ᠢ ᠬᠤᠳᠠᠯᠳᠤᠨ  ᠠᠪᠬᠤ ︵ ᠲᠣᠯᠤᠭ᠎ᠠ︶ ᠠᠵᠢᠯ ᠣᠯᠭᠤᠯᠳᠡ ᠪᠠᠷ ᠲᠡᠳᠬᠦᠮᠵᠢ ᠶᠢ ᠣᠷᠤᠯᠠᠬᠤᠯᠬᠤ ᠲᠥᠷᠥᠯ ᠵᠦᠢᠯ ᠲᠠᠢ ᠬᠠᠮᠢᠶ᠎ᠠ ᠦᠭᠡᠢ ᠵᠠᠷᠤᠯᠭ᠎ᠠ ᠶᠢᠨ ᠵᠦᠢᠯᠡᠰ᠃     ᠭᠤᠷᠪᠠ᠂  ᠬᠡᠷᠬᠢᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠴᠢᠨᠠᠷ ᠰᠠᠶᠢᠲᠠᠶ ᠵᠦᠢᠯᠡᠰ ᠢ ᠰᠦᠪᠡᠭᠴᠢᠯᠡᠬᠦ ᠪᠣᠢ      ︽ᠤᠷᠢᠳᠠᠪᠠᠷ ᠣᠯᠠᠨ ᠲᠦᠮᠡᠨ ᠪᠠᠶᠢᠬᠤ᠂ ᠳᠠᠷᠠᠭ᠎ᠠ ᠨᠢ ᠲᠥᠷᠥᠯ ᠵᠦᠢᠯ ᠪᠠᠶᠢᠬᠤ᠂ ᠤᠷᠢᠳ ᠢᠶᠠᠷ ᠲᠥᠷᠥᠯ ᠵᠦᠢᠯ ᠪᠠᠶᠢᠬᠤ᠂ ᠳᠠᠷᠠᠭ᠎ᠠ ᠨᠢ ᠪᠡᠯᠡ ᠮᠥᠩᠭᠦ ᠪᠠᠶᠢᠬᠤ︾ ᠵᠠᠷᠴᠢᠮ ᠶᠣᠰᠣᠭᠠᠷ᠂ ᠤᠷᠢᠳᠴᠢᠯᠠᠨ ᠪᠠᠶᠢᠳᠠᠯ ᠢ ᠣᠶᠢᠯᠠᠭᠠᠨ ᠠᠷᠭ᠎ᠠ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠭᠤᠶᠤᠴᠢᠯᠠᠨ ᠮᠡᠳᠡᠭᠦᠯᠬᠦ ᠪᠠᠷ ᠪᠠᠶᠢᠭ᠎ᠠ ᠲᠥᠷᠥᠯ ᠵᠦᠢᠯ ᠢᠶᠠᠨ ᠲᠣᠭᠲᠠᠭᠠᠨ᠎ᠠ᠃       ︵ᠨᠢᠭᠡ︶ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠠᠪᠤᠳᠠᠯ ᠢ ᠰᠢᠢᠳᠪᠦᠷᠢᠯᠡᠬᠦ ᠪᠠᠷ ᠭᠤᠤᠯ ᠱᠤᠭᠤᠮ ᠪᠣᠯᠭᠠᠵᠤ᠂ ᠬᠥᠳᠡᠭᠡ ᠲᠣᠰᠬᠤᠨ ᠤ ᠣᠯᠠᠨ ᠲᠦᠮᠡᠨ ᠢ ᠥᠷᠭᠡᠨ ᠢᠶᠠᠷ ᠵᠣᠬᠢᠶᠠᠨ ᠪᠠᠶᠢᠭᠤᠯᠤᠨ ᠳᠠᠶᠢᠴᠢᠯᠠᠬᠤ ᠪᠠᠷ ᠵᠠᠩᠭᠢᠯᠠᠭ᠎ᠠ ᠪᠣᠯᠭᠠᠨ᠎ᠠ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠪᠣᠯ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠬᠤ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠠᠷᠭ᠎ᠠ ᠬᠡᠮᠵᠢᠶ᠎ᠡ ᠮᠥᠨ᠂ ᠪᠢᠳᠡ ᠲᠥᠷᠥᠯ ᠵᠦᠢᠯ ᠢ ᠲᠥᠯᠥᠪᠯᠡᠬᠦ ᠳᠡᠭᠡᠨ ︽ᠢᠨᠵᠧᠨᠧᠷᠢᠩ ᠪᠣᠯ ᠠᠷᠭ᠎ᠠ ᠪᠠᠷᠢᠯ᠂ ᠲᠡᠳᠬᠦᠮᠵᠢ ᠪᠣᠯ ᠵᠣᠷᠢᠯᠭ᠎ᠠ ᠮᠥᠨ︾ ︽ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠲᠠᠪᠴᠠᠩ ᠤᠨ ᠠᠴᠢᠶᠠᠯᠠᠪᠤᠷᠢ᠂ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠪᠣᠯ ᠦᠨᠳᠦᠰᠦᠨ ᠬᠠᠷᠠᠯᠲᠠ ᠮᠥᠨ︾ ᠭᠡᠬᠦ ᠲᠥᠷᠥ ᠶᠢᠨ ᠪᠣᠳᠣᠯᠭ᠎ᠠ ᠶᠢᠨ ᠠᠭᠤᠯᠤᠭᠳᠠᠬᠤᠨ ᠢ ᠣᠨᠣᠪᠴᠢᠲᠠᠶ ᠡᠵᠡᠮᠳᠡᠵᠦ᠂ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠵᠢᠯ ᠣᠯᠭᠤᠯᠲᠡ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠡᠭᠦᠰᠦᠯᠲᠡ ᠪᠠ ᠦᠷ᠎ᠡ ᠳ᠋ᠦᠩ ᠪᠣᠯᠭᠠᠵᠤ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠬᠥᠮᠦᠨ ᠤ ᠬᠦᠴᠦ ᠪᠠᠷ ᠠᠯᠢ ᠴᠢᠳᠠᠬᠤ ᠪᠠᠷ ᠮᠠᠰᠢᠨ ᠬᠡᠷᠡᠭᠯᠡᠬᠦ ᠥᠬᠡᠶ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠠᠵᠢᠯ ᠬᠢᠯᠭᠡᠵᠦ᠂ ᠠᠯᠢ ᠴᠢᠳᠠᠬᠤ ᠪᠠᠷ ᠲᠤᠰᠬᠠᠶ ᠮᠡᠷᠭᠡᠵᠢᠯ ᠤᠨ ᠡᠩᠨᠡᠭᠡ ᠶᠢ ᠬᠡᠷᠡᠭᠯᠡᠬᠦ ᠥᠬᠡᠶ ᠪᠠᠶᠢᠬᠤ ᠬᠡᠷᠡᠭᠲᠡᠶ᠃      ︵ᠬᠤᠶᠠᠷ︶ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠣᠯᠭᠤᠬᠤ ᠬᠠᠷᠢᠴᠠᠯ ᠢ ᠳᠡᠭᠡᠭᠰᠢᠯᠡᠭᠦᠯᠬᠦ ᠪᠠᠷ ᠭᠤᠤᠯ ᠪᠣᠯᠭᠠᠬᠤ ᠬᠡᠷᠡᠭᠲᠡᠶ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠦᠷᠦᠯ ᠵᠦᠢᠯ ᠪᠣᠯᠤᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠶᠢ ᠡᠭᠦᠳᠬᠦ ᠲᠤᠷᠰᠢᠯᠲᠠ ᠶᠢᠨ ᠲᠦᠷᠦᠯ ᠵᠦᠢᠯ ︵A ᠲᠦᠷᠦᠯ︶ ᠡᠨᠡ ᠬᠤᠶᠠᠷ ᠲᠦᠷᠦᠯ ᠤᠨ ᠲᠦᠷᠦᠯ ᠵᠦᠢᠯ ᠤᠨ ᠱᠠᠭᠠᠷᠳᠠᠯᠭ᠎ᠠ ᠶᠢ ᠵᠣᠯᠭᠠᠭᠤᠯᠬᠤ ᠳᠤ ᠱᠠᠭᠠᠷᠳᠠᠭᠰᠠᠨ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢᠨ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠳᠠᠬᠢ ᠡᠵᠡᠯᠡᠬᠦ ᠬᠠᠷᠢᠴᠠᠯ ᠢ 30% ᠠᠴᠠ ᠳᠡᠭᠡᠭᠰᠢ ᠪᠠᠶᠢᠯᠭᠠᠬᠤ ᠬᠡᠷᠡᠭᠲᠡᠢ᠃ ᠲᠥᠪ ᠤᠨ ᠡᠳ᠋ ᠤᠨ ᠵᠠᠰᠠᠭ ︵B ᠲᠥᠷᠥᠯ︶ ᠪᠣᠯᠤᠨ   ᠮᠣᠵᠢ ᠶᠢᠨ ᠡᠳ᠋ ᠤᠨ ᠵᠠᠰᠠᠭ ᠢ ᠵᠣᠯᠭᠠᠭᠤᠯᠬᠤ ᠪᠡᠯᠡ ᠮᠦᠩᠭᠦ ︵C ᠲᠥᠷᠥᠯ︶ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠡᠭᠦᠷᠭᠡ ᠶᠢᠨ ᠴᠢᠭᠯᠡᠯ ᠤᠨ ᠪᠡᠯᠡ ᠮᠥᠩᠭᠦ ᠶᠢᠨ ᠲᠥᠷᠥᠯ ᠵᠦᠢᠯ ᠤᠨ ᠱᠠᠭᠠᠷᠳᠠᠯᠭ᠎ᠠ ᠶᠢᠨ ᠬᠠᠷᠢᠴᠠᠯ ᠨᠢ 20% ᠠᠴᠠ ᠳᠡᠭᠡᠭᠰᠢ ᠪᠠᠶᠢᠳᠠᠭ᠃     ︵ᠭᠤᠷᠪᠠ︶ ᠲᠡᠳᠬᠦᠨ ᠠᠪᠤᠷᠠᠬᠤ ᠬᠡᠪ ᠵᠠᠭᠪᠤᠷ ᠢ ᠥᠷᠭᠡᠳᠬᠡᠬᠦ ᠪᠠᠷ ᠭᠤᠣᠯᠳᠠᠯᠭ᠎ᠠ ᠪᠣᠯᠭᠠᠨ᠎ᠠ᠃ ᠦᠩᠭᠡᠷᠡᠭᠰᠡᠨ ᠤ ᠬᠦᠳᠡᠯᠮᠦᠷᠢᠯᠡᠬᠦ ᠪᠠᠷ ᠳᠡᠳᠬᠦᠮᠵᠢ ᠶᠢ ᠤᠷᠤᠯᠠᠭᠤᠯᠬᠤ ᠲᠦᠷᠦᠯ ᠵᠦᠢᠯ ᠤᠨ ᠳᠡᠳᠬᠦᠮᠵᠢ ᠶᠢᠨ ᠵᠠᠭᠪᠤᠷ ᠨᠢ ᠡᠩ ᠤᠨ ᠪᠠᠶᠢᠳᠠᠯ ᠳᠤ ᠴᠦᠮ ︽ᠬᠥᠳᠡᠭᠡ ᠲᠤᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠦᠭᠦᠭᠡᠷᠦᠮᠵᠢ + ᠬᠦᠳᠡᠯᠮᠦᠷᠢ ᠦᠢᠯᠡᠴᠢᠯᠡᠭᠡᠨ ᠤ ᠬᠦᠯᠦᠰᠦ  ᠤᠯᠭᠤᠮᠵᠢ + ᠠᠵᠢᠯ ᠤᠯᠭᠤᠯᠲᠠ ᠶᠢᠨ ᠮᠡᠷᠭᠡᠵᠢᠯ ᠤᠨ ᠴᠢᠨᠠᠷᠲᠠᠢ ᠪᠣᠯᠪᠠᠰᠣᠷᠠᠯ + ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠤᠬᠢᠷᠠᠭᠤᠯᠤᠯᠲᠠ︾ ᠶᠢ ᠬᠡᠷᠡᠭᠯᠡᠵᠦ᠂ ᠣᠲᠣ ᠲᠥᠷᠥᠯ ᠵᠦᠢᠯ ᠳᠤ ︽ᠬᠥᠳᠡᠭᠡ ᠲᠣᠰᠬᠤᠨ ᠤ ᠠᠵᠤ  ᠦᠢᠯᠡᠰ ᠤᠨ ᠬᠥᠭᠵᠢᠯᠲᠡ ᠶᠢᠨ ᠢᠵᠢ ᠪᠥᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ + ᠬᠥᠳᠡᠯᠮᠦᠷᠢ  ᠦᠢᠯᠡᠴᠢᠯᠡᠬᠡᠨ ᠤ ᠬᠥᠯᠥᠰᠥ ᠣᠯᠭᠤᠮᠵᠢ + ᠠᠵᠢᠯ ᠣᠯᠭᠤᠬᠤ ᠤᠷ᠎ᠠ ᠴᠢᠳᠠᠪᠤᠷᠢ ᠶᠢᠨ ᠪᠣᠯᠪᠠᠰᠣᠷᠠᠯ + ᠡᠳ᠋ ᠬᠥᠷᠥᠩᠭᠡ ᠶᠢ ᠬᠤᠪᠢ ᠣᠷᠣᠭᠤᠯᠤᠯᠲᠠ ᠪᠠᠷ ᠨᠤᠭᠤᠯᠤᠨ ᠪᠤᠳᠤᠵᠤ ᠠᠵᠢᠯ ᠬᠤᠪᠢᠶᠠᠷᠢᠯᠠᠬᠤ︾ ᠲᠡᠳᠬᠦᠮᠵᠢ ᠶᠢᠨ ᠵᠠᠭᠪᠤᠷ ᠢ ᠥᠷᠨᠢᠭᠦᠯᠬᠦ ᠶᠢ ᠵᠣᠷᠢᠭᠵᠢᠭᠤᠯᠵᠤ ᠪᠠᠶᠢᠨ᠎ᠠ᠂ ᠥᠭᠡᠷ᠎ᠡ ᠪᠠᠷ ᠬᠡᠯᠡᠪᠡᠯ ᠠᠵᠤ ᠦᠢᠯᠡᠰ ᠤᠨ ᠲᠣᠭᠤᠷᠢᠨ ᠳᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠢ ᠰᠦᠪᠡᠭᠴᠢᠯᠡᠬᠦ ᠶᠢ ᠵᠣᠷᠢᠭᠵᠢᠭᠤᠯᠵᠤ ᠪᠠᠶᠢᠨ᠎ᠠ᠃      ᠳᠥᠷᠪᠡ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ      ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠮᠠᠲ᠋ᠧᠷᠢᠶᠠᠯ ᠢ ᠡᠩ ᠤᠨ ᠪᠠᠶᠢᠳᠠᠯ ᠳᠤ ᠪᠠᠭᠲᠠᠭᠠᠬᠤ ᠪᠣᠯᠪᠠᠴᠤ ᠬᠢᠵᠠᠭᠠᠷᠯᠠᠬᠤ ᠦᠭᠡᠢ᠄ ᠲᠥᠷᠥᠯ ᠵᠦᠢᠯ ᠲᠣᠭᠲᠠᠭᠠᠬᠤ ᠴᠣᠬᠤᠯᠠᠪᠤᠷᠢ᠂ ᠶᠠᠪᠤᠭᠳᠠᠭᠤᠰᠢᠲᠠᠶ ᠰᠤᠳᠤᠯᠭᠠᠨ ᠤ ᠮᠡᠳᠡᠭᠦᠯᠦᠯᠲᠡ ︵ᠪᠤᠶᠤ ᠴᠣᠬᠤᠯᠠᠪᠤᠷᠢ︶᠂ ᠭᠠᠵᠠᠷ ᠬᠡᠷᠡᠭᠯᠡᠬᠦ᠂ ᠴᠢᠳᠠᠪᠦᠷᠢ ᠶᠢᠨ ᠦᠨᠡᠯᠡᠯᠲᠡ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠤᠷᠢᠳᠠᠴᠢ ᠴᠢᠬᠤᠯᠠ ᠨᠥᠬᠦᠴᠡᠯ ᠢ ᠭᠦᠢᠴᠡᠳᠭᠡᠬᠦ ᠵᠢᠴᠢ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠲᠤ ᠬᠤᠯᠪᠣᠭᠳᠠᠬᠤ ᠣᠯᠠᠨ ᠲᠦᠮᠡᠨ ᠢ ᠵᠣᠬᠢᠶᠠᠨ ᠪᠠᠶᠢᠭᠤᠯᠤᠨ ᠬᠦᠴᠦ ᠶᠠᠪᠤᠬᠤ᠂ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠣᠯᠭᠤᠬᠤ᠂ ᠣᠯᠠᠨ ᠲᠦᠮᠡᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠬᠤᠪᠢ ᠨᠤᠭᠤᠯᠤᠨ ᠪᠤᠳᠤᠵᠤ ᠠᠰᠢᠭ ᠬᠤᠪᠢᠶᠠᠷᠢᠯᠠᠬᠤ᠂ ᠣᠯᠠᠨ ᠲᠦᠮᠡᠨ ᠤ ᠠᠵᠢᠯ ᠣᠯᠭᠤᠯᠲᠠ ᠶᠢ ᠠᠬᠢᠭᠤᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠵᠡᠷᠭᠡ ᠨᠢᠭᠡᠨᠲᠡ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠬᠡᠷᠡᠭᠲᠡᠶ᠂ ᠢᠵᠢ ᠪᠦᠷᠢᠳᠦᠭᠦᠯᠬᠦ ᠪᠠᠯᠠ ᠮᠥᠩᠭᠦ ᠲᠠᠢ ᠪᠣᠯ ᠪᠠᠰᠠ ᠰᠢᠶᠠᠨ ᠲᠣᠭᠤᠷᠢᠭ ᠤᠨ ᠱᠠᠲᠤᠨ ᠤ ᠵᠠᠰᠠᠭ ᠤᠨ ᠣᠷᠳᠣᠨ ᠤ ᠠᠮᠠᠯᠠᠯᠲᠠ ᠶᠢ ᠬᠠᠩᠭᠠᠨ᠎ᠠ᠃       ᠠᠵᠢᠯ ᠣᠯᠭᠤᠯᠲᠡ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠢ ᠰᠤᠳᠤᠯᠬᠤ᠂ ᠭᠠᠵᠠᠷ ᠬᠡᠷᠡᠭᠯᠡᠬᠦ ᠵᠡᠷᠭᠡ ᠭᠠᠷᠳᠠᠮ ᠢ ᠭᠦᠢᠴᠡᠳᠬᠡᠬᠦ ᠠᠴᠠ ᠭᠠᠳᠠᠨ᠎ᠠ᠂ ᠪᠠᠰᠠ ᠣᠯᠠᠨ ᠲᠦᠮᠡᠨ ᠤ ᠬᠦᠴᠦ ᠶᠠᠪᠤᠬᠤ ᠲᠥᠰᠦᠯ᠂ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠣᠯᠭᠤᠬᠤ ᠲᠥᠰᠦᠯ᠂ ᠣᠯᠠᠨ ᠲᠦᠮᠡᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠰᠦᠯ᠂ ᠰᠲ᠋ᠣᠺ ᠢᠶᠠᠷ ᠨᠤᠭᠤᠯᠤᠨ ᠪᠤᠳᠤᠵᠤ ᠠᠰᠢᠭ ᠬᠤᠪᠢᠶᠠᠬᠤ ᠠᠵᠤ ᠦᠢᠯᠡᠰ ᠤᠨ ᠲᠥᠷᠥᠯ ᠵᠦᠢᠯ ᠠᠴᠠ ᠢᠯᠡᠭᠦᠦ ᠬᠤᠪᠢ ᠨᠤᠭᠤᠯᠤᠨ ᠪᠤᠳᠤᠵᠤ ᠠᠰᠢᠭ ᠬᠤᠪᠢᠶᠠᠬᠤ ᠲᠥᠰᠦᠯ ᠵᠡᠷᠭᠡ ᠶᠢ ᠪᠡᠯᠡᠳᠬᠡᠵᠦ᠂ ᠪᠠᠯᠠ ᠮᠥᠩᠭᠦ ᠶᠢ ᠪᠠᠭᠤᠯᠭᠠᠪᠠᠯ ᠴᠠᠭ ᠲᠤᠬᠠᠶ ᠳᠤᠨᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨ ᠬᠦ ᠪᠠᠳᠣᠯᠠᠨ᠎ᠠ᠃                 ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ               ᠣᠷᠴᠢᠭᠤᠯᠣᠨᠨᠴᠢ᠄  ᠭᠧ ᠲᠣᠸᠠᠨ ᠯᠢᠶᠡᠨ              
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号