| ᠨᠢᠭᠡ᠂ ᠨᠠᠶᠢᠷᠠᠭᠤᠯᠤᠨ ᠵᠣᠬᠢᠶᠠᠬᠤ ᠵᠣᠷᠢᠯᠭ᠎ᠠ | ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠮᠠᠨ ᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠥᠪ ᠤᠨ ᠣᠷᠣᠨ ᠲᠤᠭ᠎ᠠ ᠶᠢᠨ ᠠᠯᠪᠠᠨ ᠬᠡᠷ ᠵᠡᠷᠭᠡ 10 ᠶᠠᠮᠤᠨ | ᠵᠥᠪᠯᠡᠯ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ | ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢ ᠰᠢᠨᠵᠢᠯᠡᠬᠦ ᠤᠬᠠᠭᠠᠨᠴᠢ ᠪᠠᠷ | ᠪᠠᠶᠢᠭᠤᠯᠬᠤ᠂ ᠳᠣᠲᠣᠭᠠᠳᠤ ᠶᠢᠨ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠪᠦᠬᠦᠯᠢ ᠴᠣᠭᠴᠠ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ | ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠣᠭᠤᠷᠢᠨ ᠳᠤ ᠲᠣᠰ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠬᠤᠶᠠᠷ᠂ ᠣᠷᠣᠨ ᠲᠣᠭᠠᠨ ᠤ ᠠᠬᠤᠢ ᠪᠠᠶᠢᠳᠠᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠡᠮ ᠡᠮᠨᠡᠯᠭᠡ ᠶᠢᠨ | ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠣᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ᠨᠠᠮ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ | ᠠᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠡᠷᠡᠭᠦᠯ | ᠮᠡᠨᠳᠦ ᠪᠠᠷ ᠭᠤᠤᠯ ᠪᠣᠯᠭᠠᠵᠤ᠂ ︽ᠰᠢᠶᠠᠨ ᠤ ᠱᠠᠲᠤ ᠨᠢ ᠴᠢᠩᠭ᠎ᠠ᠂ ᠰᠢᠶᠠᠩ ᠪᠠᠯᠭᠠᠰᠤ ᠨᠢ ᠠᠮᠢᠳᠤᠯᠢᠭ᠂ | ᠲᠣᠰᠬᠤᠨ ᠤ ᠱᠠᠲᠤ ᠨᠢ ᠲᠣᠭᠲᠠᠭᠤᠨ᠂ ᠳᠡᠭᠡᠳᠦ ᠳᠣᠤᠷᠠᠳᠤ ᠱᠠᠲᠤ ᠨᠢ ᠬᠤᠯᠪᠣᠭᠠᠯᠠᠬᠤ᠂ ᠮᠡᠳᠡᠭᠡ ᠵᠠᠩᠭᠢ | ᠨᠡᠪᠲᠡᠷᠡᠭᠦᠯᠬᠦ︾ ᠬᠠᠷᠠᠯᠲᠠ ᠶᠢᠨ ᠲᠣᠭᠤᠷᠢᠨ ᠳᠤ᠂ ︽ᠭᠤᠷᠪᠠᠨ ᠡᠮᠴᠢᠯᠡᠭᠡ ᠶᠢ ᠬᠤᠯᠪᠣᠯᠳᠤᠭᠤᠯᠬᠤ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠠᠮᠵᠢᠯᠴᠠᠨ | ᠵᠠᠰᠠᠬᠤ ᠪᠠ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ | ᠠᠵᠢᠯ ᠤᠨ ᠭᠤᠤᠯᠳᠠᠯᠭ᠎ᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠬᠠᠷᠠᠯᠲᠠ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠠᠵᠢᠯ ᠬᠤᠪᠢᠶᠠᠷᠢᠯᠠᠨ ᠬᠠᠮᠵᠢᠯᠴᠠᠬᠤ ᠰᠢᠨ᠎ᠡ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠳᠠᠬᠢᠨ | ᠪᠠᠶᠢᠭᠤᠯᠵᠤ᠂ ᠣᠯᠠᠨ ᠲᠦᠮᠡᠨ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠲᠥᠬᠦᠮ ᠳᠥᠲᠡ᠂ ᠠᠵᠤ | ᠠᠬᠤᠶ ᠶᠢᠨ ᠡᠮᠬᠢᠯᠡᠨ ᠨᠡᠶᠢᠯᠡᠭᠦᠯᠦᠭᠰᠡᠨ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ᠂ | ᠡᠷᠡᠭᠦᠯ ᠡᠩᠬᠡ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃ | ᠭᠤᠷᠪᠠ᠂ ᠭᠤᠣᠯ ᠠᠭᠤᠯᠭ᠎ᠠ | ᠭᠤᠣᠯ ᠬᠠᠷᠠᠯᠲᠠ ᠪᠣᠯ 2024 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠤᠯᠤᠰ ᠤᠨ ᠦᠨᠡᠯᠡᠨ | ᠵᠢᠱᠢᠵᠦ ᠬᠢᠨᠠᠨ ᠰᠢᠯᠭᠠᠬᠤ ᠪᠠᠷᠢᠮᠵᠢᠶ᠎ᠠ ᠳᠤ ᠬᠦᠷᠦᠭᠰᠡᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ︵2025 ᠣᠨ ᠤ 5 ᠰᠠᠷ᠎ᠠ ᠠᠴᠠ ᠡᠮᠦᠨ᠎ᠡ ᠡᠮᠴᠢᠯᠡᠭᠡᠨ ᠤ | ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠡᠶᠡᠯᠡᠭᠦᠯᠦᠨ᠎ᠡ︶᠃ ᠬᠠᠮᠢᠶᠠᠷᠤᠯᠲᠠ ᠶᠢᠨ | ᠪᠠᠶᠢᠭᠤᠯᠤᠯ᠂ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠤᠯᠠᠮ ᠨᠢᠭᠡ ᠠᠯᠬᠤᠮ ᠪᠠᠬᠢᠵᠢᠭᠦᠯᠵᠦ᠂ | ᠬᠠᠮᠢᠶᠠᠷᠤᠯᠲᠠ ᠶᠢ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠣᠯᠭᠠᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ | ᠰᠡᠷᠭᠡᠶᠢᠯᠡᠬᠦ ᠶᠢ ᠠᠭᠤᠰᠤᠯᠴᠠᠭᠤᠯᠬᠤ ᠦᠢᠯᠡᠴᠢᠯᠡᠭᠡᠨ ᠤ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠬᠤᠰᠢᠭᠤᠨ ᠤ ᠬᠡᠪᠴᠢᠶᠡᠨ ᠳᠠᠬᠢ ᠡᠳ᠋ ᠤᠨ ᠵᠠᠰᠠᠭ ᠤᠨ ᠪᠠᠲᠤᠯᠠᠭ᠎ᠠ ᠪᠠ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠶᠢ ᠯᠠᠪᠳᠠᠭᠤᠨ ᠢᠶᠠᠷ ᠨᠠᠶᠢᠳᠠᠪᠤᠷᠢᠵᠢᠭᠤᠯᠬᠤ ᠬᠠᠷᠢᠭᠤᠴᠠᠯᠭ᠎ᠠ᠂ ᠬᠠᠮᠢᠶᠠᠷᠤᠯᠲᠠ᠂ ᠦᠢᠯᠡᠴᠢᠯᠡᠭᠡ᠂ ᠠᠰᠢᠭ ᠲᠤᠰᠠ | ᠵᠡᠷᠭᠡ ︽ᠳᠥᠷᠪᠡᠨ ᠬᠠᠮᠲᠤ ᠶᠢᠨ ᠴᠣᠭᠴᠠ︾ ᠪᠣᠯᠭᠠᠪᠠ᠃ ᠦᠨᠳᠦᠰᠦᠨ ᠱᠠᠲᠤᠨ ᠳᠤ ᠠᠩᠬ᠎ᠠ ᠣᠨᠣᠰᠢᠯᠠᠨ ᠡᠮᠨᠡᠬᠦ᠂ | ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ ᠴᠢᠨᠠᠷᠲᠠᠢ ᠠᠷᠬᠠᠭ ᠡᠪᠡᠳᠴᠢᠨ ᠢ ᠰᠠᠯᠭᠠᠨ ᠵᠠᠰᠠᠬᠤ᠂ | ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ︾ ᠱᠠᠲᠤ ᠬᠤᠪᠢᠶᠠᠨ ᠣᠨᠣᠰᠢᠯᠠᠨ ᠡᠮᠨᠡᠬᠦ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ︽ᠶᠡᠭᠡ ᠡᠪᠡᠳᠴᠢᠨ ᠬᠤᠰᠢᠭᠤᠨ ᠠᠴᠠ ᠭᠠᠷᠬᠤ | ᠥᠬᠡᠶ᠂ ᠪᠠᠭ᠎ᠠ ᠡᠪᠡᠳᠴᠢᠨ ᠢ ᠰᠢᠶᠠᠩ ᠠᠴᠠ ᠭᠠᠷᠭᠠᠬᠤ ᠥᠬᠡᠶ︾ ᠪᠠ ᠬᠤᠰᠢᠭᠤᠨ ᠤ ᠬᠡᠪᠴᠢᠶᠡᠨ ᠳᠤ ᠡᠪᠡᠳᠴᠢᠨ | ᠦᠵᠡᠭᠦᠯᠬᠦ ᠨᠣᠷᠮ᠎ᠠ ᠶᠢ 90% ᠳᠤ ᠬᠦᠷᠭᠡᠬᠦ ᠶᠡᠷᠦᠩᠬᠡᠶ ᠬᠠᠷᠠᠯᠲᠠ ᠶᠢ ᠪᠡᠶᠡᠯᠡᠭᠦᠯᠦᠨ᠎ᠡ᠃ | ᠠᠵᠢᠯ ᠤᠨ ᠡᠭᠦᠷᠭᠡ ᠶᠢᠨ ᠬᠦᠷᠢᠶ᠎ᠡ ᠶᠢ ᠨᠡᠶᠢᠲᠡ ᠬᠤᠷᠢᠨ ᠵᠦᠢᠯ ᠤᠨ ᠪᠣᠳᠠᠲᠠᠶ ᠡᠭᠦᠷᠭᠡ ᠬᠤᠪᠢᠶᠠᠵᠤ᠂ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠪᠣᠳᠠᠲᠠᠶ ᠬᠠᠷᠢᠭᠤᠴᠠᠵᠤ᠂ ᠡᠭᠦᠨ ᠤ ᠬᠠᠮᠲᠤ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ ᠡᠯ᠎ᠡ ᠪᠦᠷᠢᠯᠳᠦᠬᠦᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ | ᠭᠤᠤᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠨ᠎ᠠ | ᠭᠡᠵᠦ ᠲᠣᠳᠣᠷᠬᠠᠶ ᠲᠣᠭᠲᠠᠭᠠᠪᠠ᠃ | ᠳᠥᠷᠪᠡ᠂ ᠬᠦᠴᠦᠨ ᠲᠠᠢ ᠬᠤᠭᠤᠴᠠᠭ᠎ᠠ | ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠶ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ | ᠣᠷᠴᠢᠭᠤᠯᠣᠨᠨᠴᠢ᠄ ᠭᠧ ᠲᠣᠸᠠᠨ ᠯᠢᠶᠡᠨ | | | | | |