| 4 ᠰᠠᠷ᠎ᠠ ᠶᠢᠨ 28 ᠤ ᠡᠳᠦᠷ᠂ 2025 ᠣᠨ ᠤ ᠤᠯᠠᠭᠠᠨᠴᠠᠪ ᠬᠤᠲᠠ ᠶᠢᠨ ᠬᠤᠶᠠᠳᠤᠭᠠᠷ ᠤᠯᠠᠷᠢᠯ ᠤᠨ | ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠳᠡᠳ᠋ ᠳᠠᠷᠤᠭ᠎ᠠ ᠹᠠᠨ ᠰᠢᠨ ᠬᠤᠸᠠ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠤᠯᠪᠣᠭ᠎ᠠ ᠶᠢᠨ ᠲᠡᠷᠢᠭᠦᠯᠡᠭᠴᠢ ᠼᠤᠤ ᠯᠢ᠂ ᠳᠡᠳ᠋ ᠲᠡᠷᠢᠭᠦᠯᠡᠭᠴᠢ ᠮᠦ ᠶᠦᠩ ᠯᠢ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᡂᠢ ᠵᠢᠶᠠᠨ ᠹᠧᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠦᠨ ᠱᠧᠩ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠪᠢᠨ ᠵᠡᠷᠭᠡ ᠤᠳᠤᠷᠢᠳᠤᠯᠭ᠎ᠠ | ᠣᠷᠣᠯᠴᠠᠪᠠ᠃ | | | | | ᠠᠵᠢᠯᠯᠠᠭ᠎ᠠ ᠳᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠢᠦ ᠼᠠᠢ ᠰᠢᠶᠠ | ᠫᠷᠤᠹᠧᠰᠰᠤᠷ ᠢ ᠣᠨᠴᠠ ᠤᠷᠢᠵᠤ ︽ᠨᠡᠶᠢᠭᠡᠮ ᠤᠨ ᠰᠢᠨᠵᠢᠯᠡᠬᠦ ᠤᠬᠠᠭᠠᠨ ᠢᠶᠠᠷ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠣᠯᠭᠤᠬᠤ︾ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠯᠢᠦ ᠼᠠᠢ ᠰᠢᠶᠠ ᠬᠢᠯᠪᠠᠷ ᠣᠶᠢᠯᠠᠭᠠᠮᠵᠢᠲᠠᠶ | ᠦᠭᠡ ᠬᠡᠯᠡ᠂ ᠠᠮᠢᠳᠤ ᠰᠣᠷᠭᠤᠭ ᠬᠡᠷᠡᠭ ᠤᠨ ᠵᠢᠱᠢᠶ᠎ᠡ ᠪᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠵᠢᠴᠢ ᠭᠤᠤᠯᠳᠠᠯᠭ᠎ᠠ ᠲᠠᠢ ᠡᠭᠦᠷᠭᠡ ᠶᠢ ᠭᠦᠨᠵᠡᠭᠡᠶ | ᠲᠠᠶᠢᠯᠪᠤᠷᠢᠯᠠᠵᠤ᠂ ᠦᠨᠳᠦᠰᠦᠨ ᠱᠠᠲᠤᠨ ᠤ ᠠᠵᠢᠯᠲᠠᠨ ᠳᠤ ᠣᠨᠣᠯ ᠤᠨ ᠲᠤᠯᠭᠠᠭᠤᠷᠢᠯᠠᠯ ᠪᠠ ᠦᠢᠯᠡᠳᠦᠯᠭᠡ ᠶᠢᠨ | ᠠᠷᠭ᠎ᠠ ᠵᠠᠮ ᠬᠠᠩᠭᠠᠪᠠ᠃ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ | ᠠᠵᠠ ᠲᠣᠬᠢᠶᠠᠯ ᠪᠣᠯᠭᠠᠵᠤ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ | ᠡᠭᠦᠳᠴᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢ ︽ᠡᠭᠡᠯ ᠠᠷᠠᠳ ᠤᠨ ᠬᠡᠷ ᠲᠤ ᠣᠷᠣᠭᠤᠯᠬᠤ ᠶᠢ | ᠳᠥᠯᠭᠢᠨ ᠠᠬᠢᠭᠤᠯᠵᠤ᠂ ᠣᠨᠣᠯ ᠤᠨ ᠦᠷ᠎ᠡ ᠪᠦᠲᠦᠭᠡᠯ ᠢ ᠦᠨᠳᠦᠰᠦᠨ ᠱᠠᠲᠤᠨ ᠳᠤ ᠦᠨᠳᠦᠰᠦᠯᠡᠭᠦᠯᠦᠨ᠎ᠡ ᠭᠡᠵᠡᠶ᠃ | | | | | ᠲᠤᠰ ᠡᠳᠦᠷ ᠤᠨ ᠦᠳᠡ ᠶᠢᠨ ᠬᠤᠶᠢᠨ᠎ᠠ᠂ ᠹᠠᠨ ᠰᠢᠨ ᠬᠤᠸᠠ ᠨᠠᠷ ᠤᠷᠢᠳ ᠬᠤᠵᠢᠳ ︽ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠭᠡᠷ︾᠂ ᠥᠪᠥᠷ ᠮᠣᠩᠭᠤᠯ ᠤᠨ ᠮᠤᠨᠢ ᠠᠭᠤᠯᠠ ᠶᠢᠨ ᠰᠢᠯᠢᠳᠡᠭ ᠠᠮᠤ | ᠢᠳᠡᠭᠡᠨ ᠤ ᠬᠢᠵᠠᠭᠠᠷᠲᠤ ᠺᠣᠮᠫᠠᠨᠢ᠂ ᠰᠦᠢ ᠵᠦᠩ ᠣᠷᠣᠨ ᠤ ᠶᠠᠫᠣᠨ ᠢ ᠡᠰᠡᠷᠭᠦᠴᠡᠬᠦ ᠳᠠᠶᠢᠨ ᠤ ᠳᠤᠷᠠᠰᠬᠠᠯ ᠤᠨ | ᠣᠷᠳᠣᠨ ᠳᠤ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠤᠯᠲᠠ ᠳᠤ ᠵᠢᠭᠠᠵᠤ ᠭᠠᠷᠭᠠᠭᠰᠠᠨ ᠨᠢ᠂ | ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯ ᠪᠥᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ᠂ | ᠨᠡᠶᠢᠭᠡᠮ ᠤᠨ ᠳᠠᠪᠰᠢᠯᠲᠠ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠨᠡᠶᠢᠭᠡᠮ ᠤᠨ ᠰᠢᠨᠵᠢᠯᠡᠬᠦ ᠤᠬᠠᠭᠠᠨ ᠤ | ᠠᠵᠢᠯ ᠢ ᠦᠨᠳᠦᠰᠦᠨ ᠱᠠᠲᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ᠂ ᠰᠣᠶᠣᠯ ᠤᠨ ᠪᠠᠶᠢᠭᠤᠯᠤᠯᠲᠠ ᠶᠢᠨ | ᠡᠯ᠎ᠡ ᠬᠦᠷᠢᠶᠡᠨ ᠳᠤ ᠠᠭᠤᠰᠤᠯᠴᠠᠭᠤᠯᠵᠤ᠂ ᠣᠯᠠᠨ ᠡᠰᠢᠲᠦ ᠠᠷᠭ᠎ᠠ ᠵᠠᠮ ᠢᠶᠠᠷ ᠳᠠᠮᠵᠢᠭᠤᠯᠤᠨ ᠤᠯᠠᠮᠵᠢᠯᠠᠬᠤ | ᠬᠠᠮᠤᠷᠬᠤ ᠬᠡᠪᠴᠢᠶ᠎ᠡ ᠶᠢ ᠥᠷᠭᠡᠳᠬᠡᠨ᠂ ᠺᠠᠳ᠋ᠷ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ | ᠤᠬᠠᠭᠠᠨᠴᠢ ᠰᠡᠳᠬᠢᠬᠦᠶ ᠪᠠᠷ ᠦᠢᠯᠡᠳᠦᠯᠭᠡ ᠶᠢ ᠵᠢᠯᠣᠭᠤᠳᠤᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠬᠦᠴᠦᠨ ᠴᠢᠳᠠᠯ ᠢ | ᠨᠢᠭᠲᠠᠷᠠᠭᠤᠯᠬᠤ ᠬᠡᠷᠡᠭᠲᠡᠶ ᠭᠡᠵᠡᠶ᠃ | ᠠᠵᠢᠯᠯᠠᠭ᠎ᠠ ᠶᠢᠨ ᠳᠤᠮᠳᠠ᠂ ᠤᠯᠠᠭᠠᠨᠴᠠᠪ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ | ᠬᠤᠷᠠᠯ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠲᠦᠷᠢᠮ︾ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠨᠡᠶᠢᠭᠡᠮ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠠᠲ᠋ᠧᠷᠢᠶᠠᠯ ᠢ ᠲᠤᠬᠠᠶ ᠶᠢᠨ ᠲᠠᠯᠠᠪᠠᠶ ᠳᠤ ᠲᠠᠷᠬᠠᠭᠠᠪᠠ᠃ | | | ᠰᠤᠷᠪᠤᠯᠵᠢᠯᠠᠭᠴᠢ᠄ ᠵᠠᠩ ᠰᠢᠶᠤᠤ ᠳ᠋ᠦᠩ ᠸᠠᠩ ᡁᠢ ᠹᠠᠩ | ᠣᠷᠴᠢᠭᠤᠯᠣᠨᠨᠴᠢ᠄ ᠭᠧ ᠲᠣᠸᠠᠨ ᠯᠢᠶᠡᠨ | |