2025 ᠣᠨ ᠳᠤ ᠪᠥᠬᠦ ᠬᠤᠲᠠ ᠶᠢᠨ ᠬᠤᠶᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2025/4/30
           4 ᠰᠠᠷ᠎ᠠ ᠶᠢᠨ 28 ᠤ ᠡᠳᠦᠷ᠂ 2025 ᠣᠨ ᠤ ᠤᠯᠠᠭᠠᠨᠴᠠᠪ ᠬᠤᠲᠠ ᠶᠢᠨ ᠬᠤᠶᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠹᠠᠨ ᠰᠢᠨ ᠬᠤᠸᠠ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠲᠡᠷᠢᠭᠦᠯᠡᠭᠴᠢ ᠼᠤᠤ ᠯᠢ᠂ ᠳᠡᠳ᠋ ᠲᠡᠷᠢᠭᠦᠯᠡᠭᠴᠢ ᠮᠦ ᠶᠦᠩ ᠯᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᡂᠢ ᠵᠢᠶᠠᠨ ᠹᠧᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠦᠨ ᠱᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠪᠢᠨ ᠵᠡᠷᠭᠡ ᠤᠳᠤᠷᠢᠳᠤᠯᠭ᠎ᠠ ᠣᠷᠣᠯᠴᠠᠪᠠ᠃

    ᠠᠵᠢᠯᠯᠠᠭ᠎ᠠ ᠳᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠢᠦ ᠼᠠᠢ ᠰᠢᠶᠠ ᠫᠷᠤᠹᠧᠰᠰᠤᠷ ᠢ

ᠣᠨᠴᠠ ᠤᠷᠢᠵᠤ ︽ᠨᠡᠶᠢᠭᠡᠮ ᠤᠨ ᠰᠢᠨᠵᠢᠯᠡᠬᠦ ᠤᠬᠠᠭᠠᠨ ᠢᠶᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠣᠯᠭᠤᠬᠤ︾

ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠯᠢᠦ ᠼᠠᠢ ᠰᠢᠶᠠ ᠬᠢᠯᠪᠠᠷ ᠣᠶᠢᠯᠠᠭᠠᠮᠵᠢᠲᠠᠶ ᠦᠭᠡ ᠬᠡᠯᠡ᠂ ᠠᠮᠢᠳᠤ ᠰᠣᠷᠭᠤᠭ

ᠬᠡᠷᠡᠭ ᠤᠨ ᠵᠢᠱᠢᠶ᠎ᠡ ᠪᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠵᠢᠯᠲᠠ

ᠪᠦᠲᠦᠮᠵᠢ ᠵᠢᠴᠢ ᠭᠤᠤᠯᠳᠠᠯᠭ᠎ᠠ ᠲᠠᠢ ᠡᠭᠦᠷᠭᠡ ᠶᠢ ᠭᠦᠨᠵᠡᠭᠡᠶ ᠲᠠᠶᠢᠯᠪᠤᠷᠢᠯᠠᠵᠤ᠂ ᠦᠨᠳᠦᠰᠦᠨ ᠱᠠᠲᠤᠨ ᠤ ᠠᠵᠢᠯᠲᠠᠨ ᠳᠤ

ᠣᠨᠣᠯ ᠤᠨ ᠲᠤᠯᠭᠠᠭᠤᠷᠢᠯᠠᠯ ᠪᠠ ᠦᠢᠯᠡᠳᠦᠯᠭᠡ ᠶᠢᠨ ᠠᠷᠭ᠎ᠠ ᠵᠠᠮ ᠬᠠᠩᠭᠠᠪᠠ᠃ ᠬᠤᠷᠠᠯ ᠳᠤ ᠣᠷᠣᠯᠴᠠᠭᠰᠠᠳ

ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠤᠨ ᠰᠢᠨᠵᠢᠯᠡᠬᠦ

ᠤᠬᠠᠭᠠᠨ ᠢ ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢ ︽

ᠡᠭᠡᠯ ᠠᠷᠠᠳ ᠤᠨ ᠬᠡᠷ ᠲᠤ ᠣᠷᠣᠭᠤᠯᠬᠤ ᠶᠢ ᠳᠥᠯᠭᠢᠨ ᠠᠬᠢᠭᠤᠯᠵᠤ᠂ ᠣᠨᠣᠯ ᠤᠨ ᠦᠷ᠎ᠡ ᠪᠦᠲᠦᠭᠡᠯ ᠢ ᠦᠨᠳᠦᠰᠦᠨ

ᠱᠠᠲᠤᠨ ᠳᠤ ᠦᠨᠳᠦᠰᠦᠯᠡᠭᠦᠯᠦᠨ᠎ᠡ ᠭᠡᠵᠡᠶ᠃

    ᠲᠤᠰ ᠡᠳᠦᠷ ᠤᠨ ᠦᠳᠡ ᠶᠢᠨ ᠬᠤᠶᠢᠨ᠎ᠠ᠂ ᠹᠠᠨ ᠰᠢᠨ ᠬᠤᠸᠠ ᠨᠠᠷ ᠤᠷᠢᠳ ᠬᠤᠵᠢᠳ ︽ᠤᠯᠤᠰ ᠲᠦᠷᠦ ᠶᠢᠨ

ᠵᠥᠪᠯᠡᠯᠭᠡᠨ ᠤ ᠭᠡᠰᠢᠭᠦᠳ ᠤᠨ ᠭᠡᠷ︾᠂ ᠥᠪᠥᠷ ᠮᠣᠩᠭᠤᠯ ᠤᠨ ᠮᠤᠨᠢ ᠠᠭᠤᠯᠠ ᠶᠢᠨ ᠰᠢᠯᠢᠳᠡᠭ ᠠᠮᠤ ᠢᠳᠡᠭᠡᠨ ᠤ

ᠬᠢᠵᠠᠭᠠᠷᠲᠤ ᠺᠣᠮᠫᠠᠨᠢ᠂ ᠰᠦᠢ ᠵᠦᠩ ᠣᠷᠣᠨ ᠤ ᠶᠠᠫᠣᠨ ᠢ ᠡᠰᠡᠷᠭᠦᠴᠡᠬᠦ ᠳᠠᠶᠢᠨ ᠤ ᠳᠤᠷᠠᠰᠬᠠᠯ ᠤᠨ ᠣᠷᠳᠣᠨ ᠳᠤ ᠪᠠᠶᠢᠴᠠᠭᠠᠨ

ᠰᠤᠳᠤᠯᠤᠯᠲᠠ ᠬᠢᠪᠡ᠃ ᠪᠠᠶᠢᠴᠠᠭᠠᠨ ᠰᠤᠳᠤᠯᠤᠯᠲᠠ ᠳᠤ ᠵᠢᠭᠠᠵᠤ ᠭᠠᠷᠭᠠᠭᠰᠠᠨ ᠨᠢ᠂ ᠨᠡᠶᠢᠭᠡᠮ ᠤᠨ ᠰᠢᠨᠵᠢᠯᠡᠬᠦ ᠤᠬᠠᠭᠠᠨ ᠢ

ᠲᠦᠭᠡᠮᠡᠯᠵᠢᠭᠦᠯᠬᠦ ᠪᠣᠯ ᠪᠥᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ᠂ ᠨᠡᠶᠢᠭᠡᠮ ᠤᠨ ᠳᠠᠪᠰᠢᠯᠲᠠ ᠶᠢ ᠠᠬᠢᠭᠤᠯᠬᠤ

ᠴᠢᠬᠤᠯᠠ ᠭᠠᠷᠳᠠᠴᠠ ᠮᠥᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠢ ᠦᠨᠳᠦᠰᠦᠨ ᠱᠠᠲᠤᠨ ᠤ ᠵᠠᠰᠠᠯᠲᠠ᠂ ᠠᠵᠤ

ᠦᠢᠯᠡᠰ ᠤᠨ ᠬᠥᠭᠵᠢᠯᠲᠡ᠂ ᠰᠣᠶᠣᠯ ᠤᠨ ᠪᠠᠶᠢᠭᠤᠯᠤᠯᠲᠠ ᠶᠢᠨ ᠡᠯ᠎ᠡ ᠬᠦᠷᠢᠶᠡᠨ ᠳᠤ ᠠᠭᠤᠰᠤᠯᠴᠠᠭᠤᠯᠵᠤ᠂ ᠣᠯᠠᠨ ᠡᠰᠢᠲᠦ

ᠠᠷᠭ᠎ᠠ ᠵᠠᠮ ᠢᠶᠠᠷ ᠳᠠᠮᠵᠢᠭᠤᠯᠤᠨ ᠤᠯᠠᠮᠵᠢᠯᠠᠬᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠺᠠᠳ᠋ᠷ ᠣᠯᠠᠨ ᠲᠦᠮᠡᠨ ᠢ

ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠰᠡᠳᠬᠢᠬᠦᠶ ᠪᠠᠷ ᠦᠢᠯᠡᠳᠦᠯᠭᠡ ᠶᠢ ᠵᠢᠯᠣᠭᠤᠳᠤᠭᠤᠯᠵᠤ᠂

ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ

ᠤᠬᠠᠭᠠᠨ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ ᠭᠡᠵᠡᠶ᠃

   ᠠᠵᠢᠯᠯᠠᠭ᠎ᠠ ᠶᠢᠨ ᠳᠤᠮᠳᠠ᠂ ᠤᠯᠠᠭᠠᠨᠴᠠᠪ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ

ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ

ᠲᠦᠷᠢᠮ︾ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠢ

ᠲᠦᠭᠡᠮᠡᠯᠵᠢᠭᠦᠯᠬᠦ ᠮᠠᠲ᠋ᠧᠷᠢᠶᠠᠯ ᠢ ᠲᠤᠬᠠᠶ ᠶᠢᠨ ᠲᠠᠯᠠᠪᠠᠶ ᠳᠤ ᠲᠠᠷᠬᠠᠭᠠᠪᠠ᠃

       

       

         ᠰᠤᠷᠪᠤᠯᠵᠢᠯᠠᠭᠴᠢ᠄ ᠵᠠᠩ ᠰᠢᠶᠤᠤ ᠳ᠋ᠦᠩ     ᠸᠠᠩ ᡁᠢ ᠹᠠᠩ

         ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号