ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠨᠠᠮ ᠤᠨ ᠲᠥᠪ | ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠰᠤᠷᠤᠯᠴᠠᠯᠭ᠎ᠠ | ᠬᠦᠮᠦᠵᠢᠯ ᠤᠨ ᠪᠠᠶᠢᠷᠢᠯᠠᠭᠤᠯᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ 4 ᠰᠠᠷ᠎ᠠ ᠶᠢᠨ 9 ᠤ ᠡᠳᠦᠷ ᠠᠴᠠ | 10 ᠤ ᠡᠳᠦᠷ ᠪᠣᠯᠲᠠᠯ᠎ᠠ᠂ ᠭᠤᠸᠠᠩ ᠢ ᠯᠦᠩ ᠪᠠᠯᠭᠠᠰᠤᠨ ᠤ ᠨᠠᠮ ᠤᠨ ᠬᠤᠷᠢᠶ᠎ᠠ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ | ᠠᠩᠭᠢ ᠶᠢ ᠡᠷᠭᠢᠯᠡᠵᠦ᠂ ᠳᠠᠭᠠᠭᠤᠯᠤᠨ ᠰᠤᠷᠤᠯᠴᠠᠬᠤ ᠪᠠ ᠲᠥᠪᠯᠡᠷᠡᠭᠦᠯᠦᠨ ᠰᠤᠳᠤᠯᠤᠨ ᠶᠠᠷᠢᠯᠴᠠᠬᠤ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠣᠣ ᠸᠧᠶ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠥᠬᠦ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ | ᠰᠤᠷᠤᠯᠴᠠᠯᠭ᠎ᠠ ᠳᠤ ᠣᠷᠣᠯᠴᠠᠵᠠᠶ᠃ | | | | | ᠬᠤᠷᠠᠯ ᠳᠡᠭᠡᠷ᠎ᠡ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠯᠧᠺᠲ᠋ᠣᠷ ᠹᠠᠨ ᠬᠠᠢ ᠯᠢᠶᠠᠩ | ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠢᠯᠡᠷᠡᠬᠦ ᠬᠡᠯᠪᠡᠷᠢ᠂ | ᠲᠠᠶᠢᠯᠪᠤᠷᠢᠯᠠᠯᠲᠠ᠂ ᠬᠡᠷᠡᠭ ᠤᠨ ᠵᠢᠱᠢᠶ᠎ᠡ︾ ᠪᠠᠷ ᠰᠡᠳᠦᠪ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠢ ᠪᠦᠬᠦ ᠲᠠᠯ᠎ᠠ ᠪᠠᠷ ᠡᠵᠡᠮᠳᠡᠬᠦ ᠦᠨᠳᠦᠰᠦᠨ ᠵᠣᠷᠢᠭ ᠰᠠᠨᠠᠭ᠎ᠠ ᠪᠣᠯᠤᠨ ᠰᠤᠷᠲᠠᠯ | ᠢᠯᠵᠢᠷᠠᠯ ᠢ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠬᠤ᠂ ᠰᠤᠷᠲᠠᠯ ᠢ ᠲᠥᠪ ᠪᠣᠯᠭᠠᠨ ᠢᠯᠵᠢᠷᠡᠯ ᠢ ᠡᠰᠡᠷᠭᠦᠴᠡᠬᠦ ᠶᠢ | ᠨᠢᠭᠡ ᠴᠤᠭᠴᠠᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠬᠤ ᠵᠡᠷᠭᠡ ᠲᠠᠯ᠎ᠠ ᠪᠠᠷ ᠲᠤᠰᠬᠠᠢ ᠰᠡᠳᠦᠪᠲᠦ ᠬᠠᠪᠰᠤᠷᠤᠨ | ᠵᠢᠯᠤᠭᠤᠳᠤᠯᠭ᠎ᠠ ᠬᠢᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠤᠨ ᠪᠣᠳᠠᠲᠠᠢ ᠱᠠᠭᠠᠷᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ | ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ | ᠠᠮᠢᠳᠤᠯᠢᠭ ᠬᠢᠴᠢᠶᠡᠯ ᠤᠷᠤᠪᠠ᠃ | | | | | ᠳᠠᠷᠠᠭ᠎ᠠ ᠨᠢ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠤᠤ ᠸᠧᠶ ᠳᠠᠭᠠᠭᠤᠯᠤᠨ ᠰᠤᠷᠤᠯᠴᠠᠵᠤ᠂ | ᠤᠯᠠᠨ ᠢ ᠳᠠᠭᠠᠭᠤᠯᠤᠨ ᠦᠭᠡ ᠥᠭᠦᠯᠡᠪᠦᠷᠢ ᠳᠠᠷᠠᠭᠠᠯᠠᠨ ᠰᠤᠳᠤᠯᠤᠨ ᠤᠩᠰᠢᠵᠤ ᠰᠤᠷᠤᠯᠴᠠᠬᠤ ᠮᠠᠲ᠋ᠧᠷᠢᠶᠠᠯ ᠢ | ᠭᠦᠨᠵᠡᠭᠡᠶ ᠵᠠᠳᠠᠯᠵᠤ᠂ ᠪᠠᠭ ᠤᠨ ᠪᠦᠷᠢᠯᠳᠦᠬᠦᠨ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠢᠳᠡᠪᠬᠢᠲᠡᠶ ᠥᠷᠨᠢᠭᠦᠯᠵᠦ᠂ ᠭᠦᠨᠵᠡᠭᠡᠶ | ᠲᠤᠩᠭᠠᠨ ᠪᠣᠳᠣᠯᠬᠢᠯᠠᠵᠤ᠂ ᠰᠤᠷᠤᠯᠴᠠᠬᠤ ᠠᠭᠤᠯᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠵᠤ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠭᠤᠸᠠᠩ ᠢ ᠯᠦᠩ ᠪᠠᠯᠭᠠᠰᠤᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠶ | ᠥᠷᠨᠢᠬᠦ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠪᠠ᠃ | ᠲᠣᠰ ᠤᠳᠠᠭᠠᠨ ᠤ ᠨᠣᠮ ᠤᠩᠰᠢᠬᠤ ᠠᠩᠭᠢ ᠶᠢ ᠡᠷᠭᠢᠯᠡᠭᠰᠡᠨ ᠨᠢ ᠪᠥᠬᠦ ᠪᠠᠯᠭᠠᠰᠤᠨ ᠤ ᠨᠠᠮ ᠤᠨ ᠭᠡᠰᠢᠭᠦᠨ | ᠺᠠᠳ᠋ᠷᠴᠤᠳ ᠲᠤ ᠠᠮᠢᠳᠤᠯᠢᠭ ᠰᠠᠬᠢᠯᠭ᠎ᠠ ᠪᠠᠲᠤ ᠶᠢᠨ ᠬᠥᠮᠦᠵᠢᠯ ᠤᠨ ᠬᠢᠴᠢᠶᠡᠯ ᠪᠠ ᠨᠠᠮᠴᠢ ᠴᠢᠨᠠᠷ ᠤᠨ ᠪᠣᠯᠪᠠᠰᠤᠷᠠᠯ ᠤᠨ | ᠬᠢᠴᠢᠶᠡᠯ ᠣᠷᠣᠵᠤ᠂ ᠭᠤᠸᠠᠩ ᠢ ᠯᠦᠩ ᠪᠠᠯᠭᠠᠰᠤ ᠶᠢᠨ ᠬᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢᠶᠠᠨ ᠦᠨᠡᠨ ᠬᠦ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠵᠤ᠂ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ | ᠢᠯᠡᠷᠡᠭᠦᠯᠵᠦ᠂ ᠪᠥᠬᠦ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ | ᠡᠷᠭᠦᠨ᠎ᠡ ᠭᠡᠪᠡ᠃ | | | ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ | ᠣᠷᠴᠢᠭᠤᠯᠤᠨ ᠨᠠᠶᠢᠷᠠᠭᠤᠯᠤᠭᠴᠢ᠄ ᠪᠣᠣ ᠬᠤᠩ ᠯᠢᠶᠠᠩ |